10 ᠰᠠᠷ᠎ᠠ ᠶᠢᠨ14 ᠤ ᠡᠳᠦᠷ᠂ ᠠᠯᠲᠠᠨᠬᠢᠯᠢ ᠠᠴᠠ ᠥᠯᠵᠡᠶᠢᠲᠦ ᠣᠪᠣᠭ᠎ᠠ ᠬᠦᠷᠬᠦ ᠬᠢᠯᠢ ᠶᠢᠨ ᠵᠠᠰᠠᠮᠠᠯ ᠵᠠᠮ | ᠪᠦᠬᠦ ᠱᠤᠭᠤᠮ ᠢᠶᠠᠷ ᠨᠡᠪᠲᠡᠷᠡᠪᠡ᠃ ᠲᠣᠰ ᠲᠥᠷᠥᠯ ᠵᠦᠶᠯ ᠢ 2021 ᠣᠨ ᠤ 8 ᠰᠠᠷ᠎ᠠ ᠳᠤ ᠵᠢᠩᠬᠢᠨᠢ ᠪᠠᠷ ᠠᠵᠢᠯ | ᠡᠬᠢᠯᠡᠭᠦᠯᠦᠨ᠂ ᠪᠦᠬᠦ ᠤᠷᠲᠦ ᠨᠢ 71 ᠺᠢᠯᠣᠮᠧᠲᠷ᠂ ᠥᠷᠭᠡᠨ ᠨᠢ 7.5 ᠮᠧᠲᠷ᠂ ᠬᠤᠤᠰ ᠴᠢᠭᠯᠡᠯ ᠢᠶᠠᠷ ᠬᠤᠶᠠᠷ | ᠲᠡᠷᠭᠡᠨ ᠵᠠᠮ ᠲᠠᠢ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠦ᠂ | ᠲᠦᠯᠦᠪᠵᠢᠭᠦᠯᠭᠡ ᠪᠠᠷ ᠨᠡᠶᠢᠲᠡ1.3 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠤᠯᠲᠠ ᠬᠢᠨ᠎ᠡ ᠃ | ᠲᠣᠰ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠨᠢ᠂᠂ᠠᠵᠤ ᠠᠬᠤᠶᠢᠯᠠᠯ ᠤᠨ ᠵᠠᠮ ᠲᠡᠭᠡᠭᠡᠪᠦᠷᠢ ᠶᠢᠨ ᠣᠷᠴᠢᠨ | ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ ᠮᠠᠯᠴᠢᠳ ᠤᠨ ᠦᠶᠯᠡᠳᠪᠦᠷᠢᠯᠡᠯ ᠠᠮᠢᠳᠤᠷᠠᠯ ᠳᠤ ᠲᠥᠬᠦᠮ | ᠦᠵᠡᠭᠦᠯᠵᠦ᠂ ᠰᠤᠮᠤᠨ ᠤ ᠵᠠᠮ ᠤᠨ ᠲᠣᠤᠷ ᠤᠨ ᠪᠦᠲᠦᠴᠡ ᠶᠢ ᠲᠡᠭᠦᠯᠳᠡᠷᠵᠢᠭᠦᠯᠵᠦ᠂ ᠮᠠᠯᠵᠢᠬᠤ ᠣᠷᠣᠨ ᠢ | ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠲᠠᠯᠪᠢᠪᠠ᠃ | |