ᠣᠶᠢᠷ᠎ᠠ ᠳᠤ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠯᠪᠠᠨ ᠪᠦᠷᠭᠡ ᠣᠶᠢᠷ᠎ᠠ ᠶᠢᠨ | ᠬᠤᠭᠤᠴᠠᠭᠠᠨ ᠳᠤ ᠨᠠᠶᠢᠷ ᠬᠥᠷ ᠣᠯᠠᠰᠢᠷᠠᠭᠰᠠᠨ ᠪᠠᠶᠢᠳᠠᠯ ᠳᠤ ᠴᠢᠭᠯᠡᠭᠦᠯᠵᠦ᠂ ᠨᠡᠶᠢᠭᠡᠮ ᠨᠡᠶᠢᠲᠡ ᠳᠤ ᠵᠠᠷᠯᠠᠯ | ᠨᠡᠶᠢᠲᠡᠯᠡᠵᠦ᠂ ᠬᠠᠤᠯᠢ ᠪᠤᠰᠤ ᠪᠠᠷ ᠠᠷᠢᠬᠢ ᠰᠢᠬᠠᠬᠤ ᠳᠥᠷᠪᠡᠨ ᠵᠦᠢᠯ ᠤᠨ ᠪᠠᠶᠢᠳᠠᠯ ᠢ ᠲᠣᠳᠣᠷᠬᠠᠶᠢᠯᠠᠨ ᠭᠠᠷᠭᠠᠵᠠᠢ᠃ | | ᠲᠤᠬᠠᠶᠢᠯᠠᠪᠠᠯ᠂ ᠬᠡᠷᠪᠡ ᠬᠠᠮᠲᠤ ᠠᠷᠢᠬᠢ ᠤᠤᠭᠤᠭᠰᠠᠨ ᠨᠢᠭᠡᠨ ᠨᠢ ᠬᠡᠷᠡᠭ ᠭᠠᠷᠤᠭᠰᠠᠨ ᠪᠠᠶᠢᠪᠠᠯ᠂ ᠡᠶᠢᠮᠦ | ᠳᠥᠷᠪᠡᠨ ᠵᠦᠢᠯ ᠤᠨ ᠪᠠᠶᠢᠳᠠᠯ ᠢᠶᠠᠷ ᠠᠷᠢᠬᠢ ᠰᠢᠬᠠᠭᠰᠠᠨ ᠪᠠᠶᠢᠪᠠᠯ᠂ ᠠᠷᠢᠬᠢ ᠰᠢᠬᠠᠭᠰᠠᠨ ᠬᠥᠮᠥᠨ ᠨᠢ ᠮᠥᠨ | ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠪᠣᠯᠣᠨ᠎ᠠ᠃ | ᠨᠢᠭᠡ ᠳᠤ᠂ ᠠᠯᠪᠠ ᠪᠠᠷ ᠠᠷᠢᠬᠢ ᠰᠢᠬᠠᠵᠤ ᠤᠤᠭᠤᠯᠭᠠᠬᠤ᠂ ᠵᠢᠱᠢᠶᠡᠯᠡᠬᠦ ᠳᠤ᠂ ᠨᠥᠭᠦᠭᠡ ᠡᠲᠡᠭᠡᠳ ᠲᠡᠭᠡᠨ ︽ | ᠬᠡᠷᠪᠡ ᠴᠢ ᠤᠤᠭᠤᠬᠤ ᠦᠭᠡᠢ ᠪᠣᠯ᠂ ᠨᠠᠮᠠᠶᠢ ᠨᠢᠳᠦᠨ ᠳᠡᠭᠡᠨ ᠬᠠᠪᠴᠢᠬᠤ ᠦᠭᠡᠢ ᠪᠠᠶᠢᠨ᠎ᠠ︾ ᠭᠡᠬᠦᠴᠢᠯᠡᠨ ᠶᠠᠷᠢᠬᠤ᠃ | | ᠬᠤᠶᠠᠷ ᠲᠤ᠂ ᠨᠥᠭᠦᠭᠡ ᠲᠠᠯ᠎ᠠ ᠨᠢ ᠠᠷᠢᠬᠢ ᠤᠤᠭᠤᠵᠤ ᠴᠢᠳᠠᠳᠠᠭ ᠦᠭᠡᠢ ᠭᠡᠰᠡᠨ ᠢ ᠮᠡᠳᠡᠵᠦ ᠪᠠᠶᠢᠭᠠᠳ | ᠠᠷᠢᠬᠢ ᠰᠢᠬᠠᠵᠤ ᠤᠤᠭᠤᠯᠭᠠᠬᠤ᠃ | ᠭᠤᠷᠪᠠ ᠳᠤ᠂ ᠠᠷᠢᠬᠢ ᠤᠤᠭᠤᠵᠤ ᠰᠣᠭᠲᠣᠭᠰᠠᠨ ᠬᠥᠮᠥᠨ ᠢᠶᠠᠨ ᠠᠮᠤᠷ ᠲᠦᠪᠰᠢᠨ ᠭᠡᠷ ᠲᠤ ᠨᠢ ᠬᠦᠷᠭᠡᠭᠡ | ᠦᠭᠡᠢ᠃ | ᠳᠥᠷᠪᠡ ᠳᠤ᠂ ᠠᠷᠢᠬᠢ ᠤᠤᠭᠤᠭᠰᠠᠨ ᠪᠤᠶᠤ ᠰᠣᠭᠲᠣᠭᠰᠠᠨ ᠬᠥᠮᠥᠨ ᠨᠢ ᠲᠡᠷᠭᠡ ᠵᠢᠯᠣᠭᠤᠳᠤᠨ᠎ᠠ ᠭᠡᠬᠦᠯᠡᠷ | ᠴᠠᠭ ᠲᠤᠬᠠᠢ ᠳᠤ ᠨᠢ ᠡᠰᠡ ᠬᠤᠷᠢᠭᠯᠠᠭᠰᠠᠨ ᠠᠴᠠ ᠪᠣᠯᠵᠤ᠂ ᠵᠠᠮ ᠬᠠᠷᠢᠯᠴᠠᠭᠠᠨ ᠤ ᠠᠳᠡᠯ ᠭᠠᠷᠤᠭᠰᠠᠨ ᠵᠡᠷᠭᠡ | ᠪᠠᠶᠢᠳᠠᠯ ᠪᠣᠯᠣᠨ᠎ᠠ᠃ |