ᠤᠯᠢᠶᠠᠰᠤᠲᠠᠢ ᠪᠠᠯᠭᠠᠰᠤᠨ ᠤ ︽ᠠᠷᠪᠠᠨ ᠤᠷᠢᠶᠠᠯᠭ᠎ᠠ︾ ᠶᠢᠨ ᠰᠠᠨᠠᠭᠤᠯᠤᠮᠵᠢ
ᠨᠡᠶᠢᠲᠡᠯᠡᠭᠰᠡᠨ ᠴᠠᠭ᠄
2021/10/19
      ᠤᠯᠢᠶᠠᠰᠤᠲᠠᠢ ᠪᠠᠯᠭᠠᠰᠤᠨ ᠤ ᠮᠠᠯᠴᠢᠨ ᠲᠦᠮᠡᠨ ᠤ ᠮᠠᠯᠵᠢᠬᠤ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠮᠠᠯᠴᠢᠨ ᠲᠦᠮᠡᠨ ᠤ ᠦᠨᠳᠦᠰᠦᠨ ᠠᠰᠢᠭ ᠲᠣᠰᠠ ᠶᠢ ᠬᠠᠮᠠᠭᠠᠯᠠᠬᠤ ᠶᠢᠨ ᠲᠦᠯᠦᠭᠡ ᠪᠠᠯᠭᠠᠰᠤᠨ ᠤ ᠵᠠᠰᠠᠭ ᠤᠨ ᠤᠷᠲᠤᠨ ᠠᠴᠠ ᠦᠷᠭᠡᠨ ᠤᠯᠠᠨ ᠮᠠᠯᠴᠢᠨ ᠲᠦᠮᠡᠨ ᠳᠤ ︽ ᠠᠷᠪᠠᠨ ᠤᠷᠢᠶᠠᠯᠭ᠎ᠠ︾ ᠶᠢᠨ ᠰᠠᠶᠢᠨ ᠰᠠᠶᠢᠬᠠᠨ ᠰᠠᠨᠠᠭᠤᠯᠤᠮᠵᠢ ᠶᠢ ᠳᠡᠪᠰᠢᠭᠦᠯᠵᠦ ᠪᠠᠶᠢᠨ᠎ᠠ᠃      1. 2021 ᠤᠨ ᠤ 10 ᠰᠠᠷ᠎ᠠ ᠶᠢᠨ 1 ᠤ ᠡᠲᠦᠷ ᠠᠴᠠ ᠡᠬᠢᠯᠡᠨ ᠬᠡᠷᠡᠭᠵᠢᠭᠦᠯᠬᠦ ︽ ᠦᠪᠦᠷ ᠮᠤᠩᠭᠤᠯ  ᠤᠨ ᠦᠪᠡᠷᠲᠡᠭᠡᠨ ᠵᠠᠰᠠᠬᠤ ᠤᠷᠤᠨ ᠤ ᠮᠠᠯ ᠪᠡᠯᠴᠢᠭᠡᠷ ᠤᠨ ᠲᠡᠩᠴᠡᠬᠦᠷᠢ ᠶᠢ ᠪᠠᠲᠦᠯᠡᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠰᠡᠷᠭᠦᠭᠡᠬᠦ ᠲᠦᠷᠢᠮ︾ ᠤᠨ 38 ᠵᠦᠢᠯ ᠵᠤᠷᠪᠤᠰ ᠢ ᠰᠠᠶᠢᠲᠤᠷ ᠡᠵᠡᠮᠰᠢᠨ ᠤᠶᠢᠯᠠᠭᠠᠬᠤ ᠶᠢ ᠤᠷᠢᠶᠠᠯᠠᠵᠤ ᠪᠠᠶᠢᠨ᠎ᠠ᠃      —ᠤᠯᠢᠶᠠᠰᠤᠲᠠᠢ ᠪᠠᠯᠭᠠᠰᠤᠨ ᠤ ᠵᠤᠨ ᠤ ᠤᠯᠠᠷᠢᠯ ᠤᠨ ᠮᠠᠯ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠨᠢ 13 ᠮᠤ᠋ ᠪᠦᠷᠢ ᠳᠤ ᠨᠢᠭᠡ ᠬᠤᠨᠢ ᠮᠠᠯᠵᠢᠨ᠎ᠠ᠂ ᠡᠪᠦᠯ ᠤᠨ ᠤᠯᠠᠷᠢᠯ ᠤᠨ ᠮᠠᠯ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠨᠢ 32 ᠮᠤ᠋ ᠪᠦᠷᠢ ᠳᠤ ᠨᠢᠭᠡ ᠬᠤᠨᠢ ᠮᠠᠯᠵᠢᠨ᠎ᠠ᠃      2. ᠪᠤᠲᠠ ᠮᠠᠯ ᠢ ᠬᠤᠨᠢᠴᠢᠯᠠᠨ ᠪᠤᠲᠤᠬᠤ ᠪᠠᠷᠢᠮᠵᠢᠶ᠎ᠠ ᠶᠢ ᠰᠠᠶᠢᠲᠤᠷ ᠤᠶᠢᠯᠠᠭᠠᠬᠤ ᠶᠢ ᠤᠷᠢᠶᠠᠯᠠᠵᠤ ᠪᠠᠶᠢᠨ᠎ᠠ᠃      —1 ᠦᠭᠡᠷ ᠢ 6 ᠬᠤᠨᠢ ᠪᠠᠷ ᠨᠢᠭᠡᠴᠢᠯᠡᠵᠤ᠂ 1 ᠠᠳᠤᠭᠤ ᠶᠢ 6 ᠬᠤᠨᠢ ᠪᠠᠷ ᠨᠢᠭᠡᠴᠢᠯᠡᠵᠤ᠂1 ᠲᠡᠮᠡᠭᠡ ᠶᠢ 7 ᠬᠤᠨᠢ ᠪᠠᠷ ᠨᠢᠭᠡᠴᠢᠯᠡᠵᠤ᠂1 ᠡᠯᠵᠢᠭᠡ ᠶᠢ 3 ᠬᠤᠨᠢ ᠪᠠᠷ ᠨᠢᠭᠡᠴᠢᠯᠡᠨ᠎ᠡ᠃      3. ᠡᠪᠦᠯᠵᠢᠬᠦ ᠮᠠᠯ ᠪᠦᠷᠢ ᠳᠤ ᠨᠦᠭᠡᠴᠢᠯᠡᠬᠦ ᠴᠢᠬᠤᠯᠠᠲᠠᠢ ᠡᠪᠡᠰᠦ ᠪᠠᠨ ᠬᠦᠷᠦᠯᠴᠡᠭᠡᠲᠡᠢ ᠪᠡᠯᠡᠳᠬᠡᠬᠦ ᠶᠢ ᠤᠷᠢᠶᠠᠯᠠᠵᠤ ᠪᠠᠶᠢᠨ᠎ᠠ᠃      —ᠡᠪᠦᠯᠵᠢᠬᠦ  ᠪᠤᠭ ᠮᠠᠯ ︵ᠬᠤᠨᠢ ᠪᠠᠷ ᠨᠢᠭᠡᠴᠢᠯᠡᠪᠡ︶ ᠪᠦᠷᠢ ᠳᠤ ᠨᠢᠭᠡ ᠡᠲᠦᠷ 2Kg ᠡᠪᠡᠰᠦ ᠶᠢ 212 ᠡᠲᠦᠷ ᠤᠨ ᠪᠠᠷᠢᠮᠵᠢᠶ᠎ᠠ ᠪᠠᠷ ᠪᠤᠲᠤᠪᠠᠯ 2*212 =424Kg ᠡᠪᠡᠰᠦ ᠪᠡᠯᠡᠳᠬᠡᠨ᠎ᠡ᠃      4. ᠬᠠᠲᠤᠯᠠᠩ ᠤᠨ ᠬᠤᠭᠤᠴᠠᠭᠠᠨ ᠳᠤ ᠡᠪᠡᠰᠦ ᠬᠠᠳᠤᠬᠤ᠂ ᠡᠪᠡᠰᠦ ᠪᠤᠭᠤᠵᠢᠯᠠᠬᠤ᠂ ᠡᠪᠡᠰᠦ ᠲᠡᠭᠡᠭᠡᠪᠦᠷᠢᠯᠡᠬᠦ  ᠳᠤ ᠪᠠᠨ ᠬᠤᠪᠢ ᠬᠦᠮᠦᠨ ᠤ ᠠᠮᠦᠷ ᠲᠦᠪᠰᠢᠨ ᠪᠡ ᠭᠠᠯ ᠰᠡᠷᠭᠡᠶᠢᠯᠡᠬᠦ ᠬᠠᠮᠢᠶᠠᠷᠤᠯᠲᠠ ᠪᠠᠨ ᠴᠢᠩᠭᠠᠳᠬᠠᠵᠤ᠂ ᠬᠦᠯᠦᠰᠦᠨ ᠬᠦᠮᠦᠨ ᠲᠠᠢ ᠪᠠᠨ ᠭᠠᠯ ᠰᠡᠷᠭᠡᠶᠢᠯᠡᠬᠦ ᠭᠡᠷ᠎ᠡ ᠲᠤᠭᠲᠠᠵᠤ᠂ ᠨᠤᠲᠤᠭ ᠪᠡᠯᠴᠢᠭᠡᠷ ᠲᠡᠭᠡᠷ᠎ᠡ ᠰᠢᠨ᠎ᠡ ᠵᠠᠮ ᠭᠠᠷᠭᠠᠬᠤ ᠦᠭᠡᠢ ᠪᠠᠶᠢᠬᠤ ᠶᠢ ᠤᠷᠢᠶᠠᠯᠠᠵᠤ ᠪᠠᠶᠢᠨ᠎ᠠ᠃      5. ᠲᠠᠯ᠎ᠠ ᠨᠤᠲᠤᠭ ᠤᠨ ᠭᠠᠯ ᠲᠦᠢᠮᠡᠷ ᠢ ᠤᠷᠢᠳᠴᠢᠯᠠᠨ ᠰᠡᠷᠭᠡᠶᠢᠯᠡᠬᠦ ᠦᠵᠡᠯᠲᠡ ᠶᠢ ᠪᠤᠢ ᠪᠤᠯᠭᠠᠵᠤ᠂  ᠠᠷᠠᠳ ᠲᠦᠮᠡᠨ ᠢ ᠭᠠᠯ ᠤᠨ ᠠᠶᠤᠯ ᠠᠴᠠ ᠪᠤᠯᠤᠭᠰᠠᠨ ᠬᠤᠬᠢᠷᠠᠯ ᠰᠦᠢᠳᠦᠯ ᠢ ᠬᠠᠮᠤᠭ ᠲᠤᠤᠷ᠎ᠠ ᠬᠡᠮᠵᠢᠶᠡᠨ ᠳᠤ ᠪᠠᠶᠢᠯᠭᠠᠬᠤ ᠶᠢ ᠪᠠᠲᠤᠯᠠᠬᠤ ᠶᠢᠨ ᠲᠦᠯᠦᠭᠡ ᠮᠠᠯᠴᠢᠨ ᠡᠷᠦᠬᠡ ᠪᠦᠷᠢ ᠨᠢᠭᠡ ᠰᠠᠯᠬᠢᠨ ᠬᠦᠴᠦᠨ ᠤ ᠭᠠᠯ ᠤᠨᠲᠠᠷᠠᠭᠠᠬᠤ ᠲᠦᠬᠦᠭᠡᠷᠦᠮᠵᠢ ᠪᠡᠯᠡᠳᠬᠡᠬᠦ ᠶᠢ ᠤᠷᠢᠶᠠᠯᠠᠵᠤ ᠪᠠᠶᠢᠨ᠎ᠠ᠃      6. ᠬᠠᠲᠤᠯᠠᠩ ᠤᠨ ᠬᠤᠭᠤᠴᠠᠭᠠᠨ ᠳᠤ ᠡᠪᠡᠰᠦ ᠨᠦᠭᠡᠴᠡᠯᠡᠵᠤ ᠵᠦᠭᠡᠭᠡᠪᠦᠷᠢᠯᠡᠬᠦ ᠳᠡᠭᠡᠨ ᠠᠶᠢᠯ ᠰᠠᠬᠠᠭᠠᠯᠲᠠ  ᠶᠢᠨ ᠨᠦᠬᠦᠷᠰᠡᠭ ᠬᠠᠷᠢᠴᠠᠭ᠎ᠠ ᠪᠠᠨ ᠪᠠᠲᠤᠳᠬᠠᠵᠤ᠂ ᠤᠯᠠᠨ ᠨᠡᠶᠢᠲᠡᠴᠢ ᠦᠵᠡᠯᠲᠡ ᠶᠢ ᠪᠤᠢ ᠪᠤᠯᠭᠠᠨ᠂ ᠬᠠᠷᠢᠯᠴᠠᠨ ᠬᠠᠪᠰᠤᠷᠤᠨ ᠲᠡᠮᠵᠢᠯᠴᠠᠵᠤ᠂ ᠵᠠᠮ ᠬᠠᠭᠠᠬᠤ ᠦᠭᠡᠢ ᠰᠡᠶᠢᠨ ᠰᠠᠶᠢᠬᠠᠨ ᠦᠵᠡᠯᠲᠡ ᠶᠢ ᠪᠤᠢ ᠪᠤᠯᠭᠠᠬᠤ ᠶᠢ ᠤᠷᠢᠶᠠᠯᠠᠵᠤ ᠪᠠᠶᠢᠨ᠎ᠠ᠃      ⒎ᠡᠪᠡᠰᠦ ᠨᠦᠭᠡᠴᠡᠯᠡᠵᠤ ᠬᠠᠳᠠᠭᠠᠯᠠᠬᠤ ᠳᠠᠭᠠᠨ ᠪᠠᠶᠢᠰᠢᠩ ᠭᠡᠷ ᠠᠴᠠ ᠪᠠᠨ ᠵᠤᠬᠢᠬᠤ ᠬᠡᠮᠵᠢᠶᠠᠨ ᠤ ᠵᠠᠶᠢᠲᠠᠢ ᠪᠠᠶᠢᠯᠭᠠᠵᠤ᠂ ᠪᠠᠶᠢᠰᠢᠩ ᠤᠨ ᠬᠤᠯᠠᠩ ᠠᠴᠠ ᠭᠠᠯ ᠠᠯᠳᠠᠬᠤ ᠶᠢ ᠪᠦᠲᠦᠮᠵᠢᠲᠠᠢ ᠰᠡᠷᠬᠡᠶᠢᠯᠡᠵᠤ᠂ ᠡᠪᠦᠯ ᠤᠨ ᠤᠯᠠᠷᠢᠯ  ᠳᠤ ᠡᠪᠡᠰᠦᠨ ᠤᠪᠤᠭᠠᠨ ᠤ ᠨᠦᠮᠦᠷᠢ ᠳᠤ ᠠᠮᠢᠲᠤᠷᠠᠯ ᠳᠤ  ᠬᠡᠷᠡᠭᠰᠡᠬᠦ ᠲᠡᠭᠡᠭᠡᠪᠦᠷᠢ ᠶᠢᠨ ᠲᠡᠷᠭᠡ ᠨᠤᠴᠤᠭᠠᠬᠤ ᠦᠬᠡᠢ ᠪᠠᠶᠢᠬᠤ ᠶᠢ ᠤᠷᠢᠶᠠᠯᠠᠵᠤ ᠪᠠᠶᠢᠨ᠎ᠠ᠃ ᠵᠢᠵᠢᠭ ᠬᠡᠯᠪᠡᠷᠢ ᠶᠢᠨ ᠮᠠᠯ ᠳᠤ ᠡᠪᠡᠰᠦ ᠦᠭᠬᠦ ᠲᠷᠠᠺᠲ᠋ᠣᠷ ᠢ ᠭᠠᠯ ᠬᠠᠯᠳᠠᠭᠠᠨ ᠨᠤᠴᠤᠭᠠᠵᠤ ᠪᠤᠯᠬᠤ ᠦᠬᠡᠢ᠃      ⒏ᠮᠠᠯᠴᠢᠨ ᠲᠦᠮᠡᠨ ᠬᠠᠲᠤᠯᠠᠩ ᠢᠶᠠᠨ ᠲᠦᠷᠢᠶᠠᠰᠤᠯᠠᠬᠦ ᠳᠤ ᠪᠠᠨ ᠲᠦᠷᠢᠶᠡᠰᠦᠯᠡᠭᠰᠡᠨ ᠬᠦᠮᠦᠨ   ᠲᠠᠢ  ︽ᠦᠪᠡᠷᠲᠡᠭᠡᠨ ᠵᠠᠰᠠᠬᠤ ᠤᠷᠤᠨ ᠤ ᠮᠠᠯ ᠪᠡᠯᠴᠢᠭᠡᠷ ᠤᠨ ᠲᠡᠩᠴᠡᠭᠦᠷᠢ ᠢ ᠪᠠᠲᠤᠯᠠᠬᠤ ᠪᠠ ᠪᠡᠯᠴᠢᠭᠡᠷᠯᠡᠭᠦᠯᠭᠦ ᠶᠢ ᠵᠤᠭᠰᠤᠭᠠᠨ᠂ ᠪᠠᠯᠴᠢᠭᠡᠷ ᠢ ᠰᠡᠷᠬᠦᠭᠡᠭᠦ ᠲᠦᠷᠢᠮ︾ ᠶᠤᠰᠤᠭᠠᠷ ᠭᠡᠷ᠎ᠡ ᠪᠢᠴᠢᠭ ᠲᠤᠭᠲᠠᠨ᠂ ᠮᠠᠯᠴᠢᠨ ᠡᠷᠦᠬᠡ ᠨᠢ ᠬᠢᠨᠠᠯᠲᠠ ᠲᠠᠯᠪᠢᠬᠤ ᠡᠭᠦᠷᠭᠡ ᠪᠠᠨ ᠭᠦᠢᠴᠡᠳᠭᠡᠨ᠂ ᠭᠠᠲᠠᠭᠰᠢ ᠲᠦᠷᠢᠶᠡᠰᠤᠯᠡᠭᠦᠯᠭᠦ ᠦᠬᠡᠢ᠂ ᠭᠠᠴᠠᠭᠠᠨ ᠲᠤᠲᠤᠷ᠎ᠠ ᠪᠤᠶᠤ ᠪᠠᠯᠭᠠᠰᠤᠨ ᠲᠤᠲᠤᠷ᠎ᠠ ᠪᠠᠨ ᠲᠦᠷᠢᠶᠡᠰᠤᠯᠡᠭᠦᠯᠭᠦ ᠶᠢ ᠤᠷᠢᠶᠠᠯᠠᠵᠤ ᠪᠠᠶᠢᠨ᠎ᠠ᠃      ⒐ ᠮᠠᠯᠴᠢᠨ ᠲᠦᠮᠡᠨ ᠤ ᠮᠠᠯᠵᠢᠬᠤ ᠦᠢᠯᠡᠳᠪᠦᠷᠢᠯᠡᠯ ᠤᠨ ᠦᠨᠲᠤᠰᠤᠨ ᠠᠰᠢᠭ ᠲᠤᠰᠠ ᠶᠢ ᠪᠠᠲᠤᠯᠠᠵᠤ᠂ ᠮᠠᠯ ᠤᠨ ᠬᠢᠵᠢᠭ ᠬᠡᠮ ᠢ ᠪᠦᠲᠦᠮᠵᠢᠲᠠᠢ ᠰᠡᠷᠬᠡᠶᠢᠯᠡᠨ ᠬᠤᠷᠢᠭᠯᠠᠬᠤ ᠶᠢᠨ ᠲᠤᠰᠠᠲᠠ᠂ ᠮᠠᠯᠴᠢᠨ ᠡᠷᠦᠬᠡ ᠶᠢᠨ ᠭᠠᠴᠠᠭᠠᠨ ᠤ ᠬᠢᠵᠢᠭ ᠰᠡᠷᠬᠡᠶᠢᠯᠡᠭᠴᠢ ᠶᠢᠨ ᠠᠵᠢᠯ ᠢ ᠰᠠᠶᠢᠨ ᠲᠤᠷ᠎ᠠ ᠠᠴᠠ ᠪᠠᠨ ᠬᠠᠪᠰᠤᠷᠤᠨ ᠲᠠᠮᠵᠢᠵᠤ᠂ ᠬᠢᠵᠢᠭ ᠰᠡᠷᠬᠡᠶᠢᠯᠡᠭᠴᠢ ᠶᠢᠨ ᠲᠠᠷᠢᠯᠭ᠎ᠠ ᠶᠢᠨ ᠠᠵᠢᠯ ᠳᠤ ᠲᠦᠭᠦᠮ ᠦᠵᠡᠭᠦᠯᠭᠦ ᠢ ᠤᠷᠢᠶᠠᠯᠠᠵᠤ ᠪᠠᠶᠢᠨ᠎ᠠ᠃      ⒑ ᠠᠶᠤᠯᠭᠦᠢ ᠦᠢᠯᠡᠳᠪᠦᠷᠢᠯᠡᠯ ᠤᠨ ᠠᠮᠤᠷ ᠲᠦᠪᠰᠢᠨ ᠢ ᠴᠢᠩᠭᠠᠳᠬᠠᠵᠤ᠂ ᠮᠠᠯᠴᠢᠨ ᠲᠦᠮᠡᠨ ᠤ ᠴᠠᠬᠢᠯᠭᠠᠨ ᠬᠠᠩᠭᠠᠬᠤ ᠲᠦᠭᠦᠭᠡᠷᠦᠮᠵᠢ ᠪᠠ ᠰᠢᠲᠠᠮᠠᠬᠠᠢ ᠬᠡᠢ ᠠᠴᠠ ᠭᠠᠯ  ᠠᠯᠳᠠᠬᠤ ᠶᠢ ᠰᠡᠷᠬᠡᠶᠢᠯᠡᠵᠤ᠂ ᠭᠡᠷ ᠲᠤᠲᠤᠷ᠎ᠠ ᠴᠠᠬᠢᠯᠭᠠᠨ ᠤᠲᠠᠰᠤᠨ ᠤ ᠬᠠᠭᠤᠴᠢᠷᠠᠵᠤ ᠡᠪᠳᠠᠷᠡᠭᠰᠡᠨ ᠶᠢ ᠴᠠᠭ ᠲᠤᠬᠠᠢ ᠳᠤᠨᠢ ᠵᠠᠰᠠᠵᠤ ᠰᠠᠯᠪᠢᠬᠦ ᠶᠢ ᠤᠷᠢᠶᠠᠯᠠᠵᠤ ᠪᠠᠶᠢᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号