ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠠᠪᠤᠲᠤᠭᠠᠷ ᠤᠲᠠᠭᠠᠨ ᠤ ᠲᠤᠭᠤᠷᠢᠨ ᠵᠢᠯᠤᠭᠤᠳᠬᠤ ᠳᠥᠷᠪᠡᠳᠦᠭᠡᠷ ᠠᠵᠢᠯᠯᠠᠬᠤ ᠳᠤᠭᠤᠶᠢᠯᠠᠩ ᠨᠢ ᠵᠡᠭᠦᠨ ᠦᠵᠦᠮᠦᠴᠢᠨ ᠬᠤᠰᠢᠭᠤᠨ ᠤ ᠠᠯᠲᠠᠨᠬᠢᠯᠢ ᠰᠤᠮᠤᠨ ᠳᠤ ᠭᠦᠨᠵᠡᠭᠡᠶᠢᠷᠡᠨ ᠲᠣᠭᠤᠷᠢᠨ ᠵᠢᠯᠣᠭᠤᠳᠪᠠ
ᠨᠡᠶᠢᠲᠡᠯᠡᠭᠰᠡᠨ ᠴᠠᠭ᠄
2021/10/19
      10 ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠠᠪᠤᠲᠤᠭᠠᠷ ᠤᠲᠠᠭᠠᠨ ᠤ ᠲᠤᠭᠤᠷᠢᠨ ᠵᠢᠯᠤᠭᠤᠳᠬᠤ ᠳᠥᠷᠪᠡᠳᠦᠭᠡᠷ ᠠᠵᠢᠯᠯᠠᠬᠤ ᠳᠤᠭᠤᠶᠢᠯᠠᠩ ᠤᠨ ᠳᠠᠷᠤᠭ᠎ᠠ ᠰᠢ ᠸᠧᠶ ᠮᠢᠨ ᠨᠡᠷ ᠠᠯᠲᠠᠨᠬᠢᠯᠢ ᠰᠤᠮᠤᠨ ᠳᠤ ᠭᠦᠨᠵᠡᠭᠡᠶᠢᠷᠡᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠤᠭᠤᠷᠢᠨ ᠵᠢᠯᠤᠭᠤᠳᠴᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ᠂ ᠪᠠᠶᠢᠩᠭᠤ ᠶᠢᠨ ᠳᠡᠳ᠋ ᠬᠡᠯᠲᠡᠰ ᠤᠨ ᠳᠠᠷᠤᠭ᠎ᠠ ᠡᠤ ᠳ᠋ᠦᠩ ᠮᠧᠶ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠬᠡᠯᠲᠡᠰ ᠤᠨ ᠳᠠᠷᠤᠭ᠎ᠠ ᠪᠦᠦ ᠮᠢᠨ ᠵᠢᠴᠢ ᠰᠤᠮᠤᠨ ᠤ ᠭᠤᠤᠯ ᠤᠳᠤᠷᠢᠳᠤᠯᠭ᠎ᠠ ᠨᠠᠷ ᠪᠠᠷ᠎ᠠ ᠪᠣᠯᠣᠯᠴᠠᠪᠠ᠃      ᠵᠢᠯᠣᠭᠤᠳᠬᠤ ᠳᠤᠭᠤᠶᠢᠯᠠᠩ ᠨᠢ᠂ ᠲᠤᠬᠠᠶ ᠶᠢᠨ ᠭᠠᠵᠠᠷ ᠲᠤ ᠨᠢ ᠪᠠᠶᠢᠴᠠᠭᠠᠬᠤ᠂  ᠲᠠᠩᠰᠨ ᠡᠪᠬᠡᠮᠠᠯ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠰᠤᠷᠪᠤᠯᠵᠢᠯᠠᠨ ᠶᠠᠷᠢᠯᠴᠠᠬᠤ ᠵᠡᠷᠭᠡ ᠬᠡᠯᠪᠡᠷᠢ ᠪᠠᠷ ᠮᠠᠨ ᠤ ᠰᠤᠮᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠠᠶᠢᠲᠠᠪᠤᠷᠢᠵᠢᠭᠤᠯᠤᠭᠰᠠᠨ ᠪᠠᠶᠢᠲᠠᠯ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠲᠤᠯᠬᠡ ᠶᠢᠨ ᠠᠵᠢᠯᠯᠠᠭ᠎ᠠ᠂ ︽ᠪᠢ ᠨᠠᠮ ᠤᠨ ᠬᠡᠰᠢᠬᠦᠨ᠂  ᠪᠢ ᠲᠠᠨ ᠢ  ᠬᠠᠪᠰᠤᠷᠤᠶ᠎ᠠ︾ ᠰᠢᠨ᠎ᠠ ᠴᠠᠭ ᠦᠶ᠎ᠠ ᠪᠤᠯᠪᠠᠰᠤᠨ ᠦᠢᠯᠡᠲᠤᠯᠬᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠢᠯᠭᠠᠬᠤ ᠶᠢᠨ ᠬᠠᠮᠳᠣ  ᠰᠤᠮᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠲᠤᠰᠬᠠᠢ ᠰᠡᠳᠦᠪᠲᠦ ᠰᠤᠷᠤᠯᠴᠠᠯᠭ᠎ᠠ᠂ ᠤᠯᠤᠰ ᠲᠦᠷᠦ ᠶᠢᠨ ᠵᠢᠯᠤᠭᠤᠳᠤᠯᠭ᠎ᠠ᠂ ᠲᠤᠰᠬᠠᠢ ᠰᠡᠳᠦᠪᠲᠦ  ᠪᠤᠯᠪᠠᠰᠤᠷᠠᠯ᠂ ︽ᠪᠢ ᠤᠯᠠᠨ ᠲᠦᠮᠡᠨ ᠳᠤ ᠪᠤᠲᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠵᠡᠷᠭᠡ ᠶᠢ ᠭᠦᠢᠴᠡᠳ ᠨᠣᠳᠠᠯᠠᠬᠤ ᠶᠢᠨ ᠬᠠᠮᠲᠦ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃      ᠰᠢ ᠸᠧᠶ ᠮᠢᠨ ᠨᠥᠬᠦᠷ ᠵᠢᠭᠠᠵᠤ ᠭᠠᠷᠭᠠᠭᠰᠠᠨ ᠨᠢ᠂ ᠨᠢᠭᠡ ᠳᠤ᠂ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠪᠢ ᠣᠯᠠᠨ ᠲᠦᠮᠡᠨ ᠳᠤ ᠪᠤᠲᠠᠲᠤ ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ᠃ ᠬᠤᠶᠠᠷ ᠲᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠳᠤᠬᠢᠷᠠᠭᠤᠯᠤᠯᠳᠠ ᠪᠠᠶᠢᠷᠢᠯᠠᠭᠤᠯᠤᠯᠲᠠ ᠶᠤᠰᠤᠭᠠᠷ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ  ᠡᠬᠦᠳᠬᠦ ᠵᠡᠷᠭᠡ ᠳᠦᠷᠪᠡᠨ ᠵᠠᠩᠭᠢᠯᠠᠭ᠎ᠠ ᠶᠢᠨ ᠭᠤᠭᠴᠤᠭ᠎ᠠ ᠶᠢ ᠲᠤᠪᠤᠶᠢᠯᠭᠠᠨ᠂ ᠵᠠᠩᠭᠢᠯᠠᠭ᠎ᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠠᠯ᠎ᠠ ᠪᠠᠷ ᠰᠢᠰᠲ᠋ᠧᠮ ᠲᠠᠢ ᠰᠠᠶᠢᠲᠤᠷ ᠠᠳᠬᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠯᠠᠮ ᠨᠢᠬᠡ ᠠᠯᠬᠤᠮ ᠬᠦᠨᠵᠡᠬᠡᠶᠢᠷᠠᠬᠦᠯᠤᠨ ᠪᠤᠲᠠᠲᠠᠶᠢᠵᠢᠭᠤᠯᠬᠤ ᠬᠡᠷᠡᠭᠲᠠᠢ︔ ᠭᠤᠷᠪᠠ ᠳᠤ᠂   ᠤᠯᠠᠮᠵᠢᠯᠠᠯᠲᠤ ᠤᠬᠠᠭᠤᠯᠭ᠎ᠠ ᠪᠤᠯᠤᠨ ᠰᠢᠨ᠎ᠠ ᠵᠠᠭᠤᠴᠢᠯᠠᠭᠤᠷ ᠤᠨ ᠤᠬᠠᠭᠤᠯᠭ᠎ᠠ ᠶᠢ   ᠤᠶᠠᠯᠲᠤᠭᠤᠯᠤᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢᠶᠠᠨ ᠲᠥᠪᠯᠡᠷᠡᠭᠦᠯᠦᠨ᠂ ᠤᠯᠠᠨ ᠲᠦᠮᠡᠨ ᠤ ︽ᠪᠠᠴᠢᠮᠲᠠᠵᠤ ᠬᠦᠴᠢᠷᠲᠠᠵᠤ ᠵᠤᠪᠠᠨᠢᠵᠤ ᠬᠦᠰᠠᠵᠤ︾ ᠪᠠᠶᠢᠭ᠎ᠠ ᠠᠰᠠᠭᠤᠳᠠᠯ ᠢ ᠰᠢᠢᠳᠪᠤᠷᠢᠯᠠᠵᠤ᠂ ᠪᠦᠬᠦ ᠲᠠᠯ᠎ᠠ ᠪᠠᠷ᠂ ᠤᠯᠠᠨ ᠬᠠᠷᠠᠭᠠᠰᠤ  ᠪᠠᠷ ᠤᠬᠠᠭᠤᠯᠭ᠎ᠠ ᠶᠢᠨ ᠬᠦᠷᠢᠶ᠎ᠠ ᠬᠡᠪᠴᠢᠶ᠎ᠠ ᠪᠠᠨ ᠥᠷᠭᠡᠳᠬᠡᠵᠦ᠂ ︽ᠪᠢ ᠤᠯᠠᠨ ᠲᠦᠮᠡᠨ ᠳᠤ ᠪᠤᠲᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠨᠦᠯᠤᠬᠡᠯᠠᠯ ᠤᠨ ᠬᠦᠴᠤᠨ ᠢ ᠳᠡᠭᠡᠭᠰᠢᠯᠡᠭᠦᠯᠬᠦ ᠬᠡᠷᠡᠭᠲᠡᠢ᠃ ᠲᠦᠷᠪᠡ ᠳᠤ᠂ ︽ᠪᠢ ᠤᠯᠠᠨ ᠲᠦᠮᠡᠨ ᠳᠤ ᠪᠤᠲᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠪᠤᠲᠠᠲᠤ ᠶᠠᠪᠤᠳᠠᠯ ᠬᠢᠬᠦ ᠲᠦᠷᠦᠯ ᠵᠦᠢᠯ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠵᠦᠢᠯᠡᠰ ᠢ ᠢᠳᠡᠪᠬᠢᠲᠡᠢ ᠠᠬᠢᠭᠤᠯᠵᠤ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠲᠦᠷᠦᠯ ᠵᠦᠢᠯ ᠤᠨ ᠨᠠᠷᠢᠨ ᠲᠠᠩᠰᠠ ᠶᠢᠨ ᠭᠤᠣᠯᠳᠠᠯᠭ᠎ᠠ ᠶᠢ ᠲᠤᠪᠤᠶᠢᠯᠭᠠᠵᠤ᠂ ᠦᠢᠯᠡᠴᠢᠯᠡᠭᠡᠨ ᠤ ᠵᠦᠢᠯᠡᠰ ᠢ  ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠬᠤᠰᠢᠭᠤ ᠨᠠᠮ ᠤᠨ ᠬᠤᠷᠢᠶᠠᠨ ᠤ ᠬᠡᠰᠢᠬᠦᠨ᠂ ᠤᠬᠠᠭᠤᠯᠬᠤ ᠬᠡᠯᠲᠡᠰ ᠤᠨ ᠳᠠᠷᠤᠭ᠎ᠠ  ᠰᠠᠷᠠᠭᠤᠯᠲᠤᠶᠠᠭ᠎ᠠ ᠨᠦᠬᠦᠷ ᠠᠴᠠ ᠴᠢᠬᠤᠯᠠᠴᠢᠯᠠᠭᠰᠠᠨ ᠨᠢ᠂ ᠲᠤᠰ ᠤᠲᠠᠭᠠᠨ ᠤ ᠲᠣᠭᠤᠷᠢᠨ ᠵᠢᠯᠤᠭᠤᠲᠤᠭᠰᠠᠨ ᠢᠶᠠᠷ ᠲᠣᠬᠢᠶᠠᠯ ᠪᠤᠯᠭᠠᠨ᠂ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠣᠰᠣᠭᠠᠷ᠂ ᠳᠠᠩᠰᠠ ᠡᠪᠬᠡᠮᠡᠯ  ᠢᠶᠠᠨ ᠨᠠᠷᠢᠨ ᠬᠢᠨᠠᠮᠠᠭᠠᠢ ᠵᠢᠷᠤᠮᠵᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠡᠮᠬᠢᠯᠠᠨ ᠵᠢᠭᠰᠠᠭᠠᠨ᠂ ᠴᠡᠭᠴᠡᠯᠡᠨ ᠰᠠᠶᠢᠵᠢᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠵᠢᠯ ᠳᠤ ᠲᠤᠤᠱᠯᠠᠭᠤᠯᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ︽ᠪᠢ ᠤᠯᠠᠨ ᠲᠦᠮᠡᠨ ᠳᠤ ᠪᠤᠲᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ  ᠦᠷᠨᠢᠬᠦᠯᠬᠦ ᠬᠡᠷᠡᠭᠲᠡᠢ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号