ᠪᠦᠬᠦ ᠬᠤᠰᠢᠭᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/10/20
     ᠡᠪ ᠬᠠᠮᠲᠤ ᠵᠠᠯᠠᠭᠤᠴᠤᠳ ᠤᠨ ᠡᠪᠯᠡᠯ ‍ᠦᠨ‌ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠦᠲᠦᠮᠵᠢᠲᠡᠶ ᠠᠬᠢᠭᠤᠯᠵᠤ᠂ ᠡᠯ᠎ᠡ ᠵᠦᠶᠯ ᠤᠨ ᠡᠭᠦᠷᠭᠡ  ᠶᠢ ᠨᠠᠷᠢᠯᠢᠭ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢᠨ ᠲᠥᠯᠥᠭᠡ᠂ 10 ᠰᠠᠷ᠎ᠠ ᠶᠢᠨ 13 ᠤ ᠡᠳᠦᠷ᠂ ᠮᠠᠨ ᠤ ᠬᠤᠰᠢᠭᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ  ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ  ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠳᠡᠳ᠋ ᠬᠤᠰᠢᠭᠤ ᠳᠠᠷᠤᠭ᠎ᠠ‌‍ᠶᠣᠣ ᠬᠠᠶ ᠰᠢᠶᠠ ᠬᠤᠷᠠᠯ  ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ  ᠤᠨ ᠳᠠᠷᠤᠭ᠎ᠠ ᠵᠧᠦ ᠸᠧ ᠮᠢᠨ ᠬᠤᠷᠠᠯ ᠢ ᠡᠷᠭᠢᠯᠡᠪᠡ  ᠃  ᠬᠤᠰᠢᠭᠤ ᠡᠪ ᠬᠠᠮᠲᠤ ᠵᠠᠯᠠᠭᠤᠴᠤᠳ‌‍ᠤᠨ‌ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ  ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠢᠨ ᠬᠤᠷᠠᠯ ᠳᠤ ᠣᠷᠣᠯᠴᠠᠪᠠ  ᠃      ᠬᠤᠷᠠᠯ  ᠳᠤ᠂ ᠶᠣᠣ ᠬᠠᠶ ᠰᠢᠶᠠ ᠠᠴᠠ ᠬᠤᠰᠢᠭᠤ ᠰᠢᠶᠠᠨ ᠤ ᠬᠡᠪᠴᠢᠶᠡᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ  ᠶᠢᠨ ᠠᠬᠤᠶ ᠪᠠᠶᠢᠳᠠᠯ ᠢ ᠲᠠᠨᠢᠯᠴᠠᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶᠠᠨ ᠤ ︿︿ᠰᠢᠶᠠᠨ ᠤ ᠬᠡᠪᠴᠢᠶᠡᠨ ᠤ ᠡᠪ‌ᠬᠠᠮᠲᠤ ᠵᠠᠯᠠᠭᠤᠴᠤᠳ   ᠤᠨ ᠡᠪᠯᠡᠯ ‍ᠦᠨ‌ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ‌ᠢ ᠥᠷᠭᠡᠳᠬᠡᠬᠦ ᠲᠤᠬᠠᠶ ᠵᠢᠯᠣᠭᠤᠳᠬᠤ ᠰᠠᠨᠠᠯ﹀﹀  ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠰᠢᠭᠤ ᠡᠪᠯᠡᠯ ᠤᠨ ᠬᠤᠷᠢᠶᠠᠨ ᠤ ᠬᠠᠷᠢᠭᠤᠴᠠᠯᠭᠠᠲᠠᠨ ᠠᠴᠠ ︿︿ᠵᠡᠭᠦᠨ ᠦᠵᠦᠮᠦᠴᠢᠨ ᠬᠤᠰᠢᠭᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠡᠭᠦᠷᠭᠡ ᠶᠢ ᠬᠤᠪᠢᠶᠠᠷᠢᠯᠠᠭᠰᠠᠨ ᠡᠬᠡ ᠲᠠᠩᠰᠠ﹀﹀ ᠶᠢ ᠲᠤᠳᠤᠷᠬᠠᠶᠢᠯᠠᠵᠤ᠂ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠤᠭᠰᠠᠨ ᠪᠠᠶᠢᠳᠠᠯ  ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠬᠤᠷᠠᠯ ᠳᠤ  ᠬᠤᠷᠠᠯ ᠳᠤ ᠣᠷᠣᠯᠴᠠᠭᠰᠠᠳ ᠠᠴᠠ ︿︿ᠵᠡᠭᠦᠨ ᠦᠵᠦᠮᠦᠴᠢᠨ ᠬᠤᠰᠢᠭᠤᠨ ᠤ ᠡᠪᠯᠡᠯ ᠤᠨ ᠺᠠᠳ᠋ᠷ ᠤᠨ ᠪᠥᠬᠦ ᠶᠠᠪᠤᠴᠠ ᠶᠢᠨ ᠬᠠᠮᠢᠶᠠᠷᠤᠯᠲᠠ ᠶᠢᠨ ᠲᠣᠭᠲᠠᠭᠠᠯ ( ᠰᠠᠨᠠᠯ ᠬᠤᠷᠢᠶᠠᠬᠤ ᠨᠣᠤᠷᠠᠭ )﹀﹀ ᠢ ᠰᠤᠳᠤᠯᠤᠨ ᠶᠠᠷᠢᠯᠴᠠᠪᠠ  ᠃      ᠬᠢᠩᠭᠠᠨ ᠵᠢᠭᠠᠬᠤ ᠳᠠᠭᠠᠨ᠂ ᠡᠯ᠎ᠡ ᠭᠠᠵᠠᠷ ᠡᠯ᠎ᠡ ᠪᠦᠷᠢᠯᠳᠦᠬᠦᠨ ᠨᠢᠭᠡᠴᠡ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠣᠰ ᠤᠳᠠᠭᠠᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠴᠢᠬᠤᠯᠠ ᠴᠢᠨᠠᠷ ᠢ ᠭᠦᠶᠴᠡᠳ ᠲᠠᠨᠢᠵᠤ᠂ ᠡᠪᠯᠡᠯ ᠤᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︿︿ᠪᠠᠶᠢᠭᠤᠯᠤᠮᠵᠵᠢᠭᠤᠯᠬᠤ﹀﹀ ᠰᠤᠷᠲᠠᠯ ᠪᠠ  ︿︿ᠵᠠᠰᠠᠭ ᠵᠠᠬᠢᠷᠭᠠᠨᠴᠢᠯᠠᠬᠤ﹀﹀ ᠳᠤ ᠲᠦᠰᠢᠭᠯᠡᠬᠦ ᠶᠢ ᠠᠷᠢᠯᠭᠠᠬᠤ ᠪᠠᠷ ᠭᠤᠤᠯ ᠡᠭᠦᠷᠭᠡ‌‍ᠪᠣᠯᠭᠠᠵᠤ᠂ ︿︿ᠣᠯᠠᠨ ᠲᠦᠮᠡᠨ ᠠᠴᠠ ᠬᠥᠨᠳᠡᠶᠢᠷᠡᠬᠦ﹀﹀ ᠠᠰᠠᠭᠤᠳᠠᠯ ᠢ ᠦᠨᠡᠨ ᠬᠦ ᠰᠠᠶᠢᠲᠤᠷ ᠰᠢᠶᠳᠪᠦᠷᠢᠯᠡᠬᠦ ᠬᠡᠷᠡᠭᠲᠡᠶ ᠭᠡᠵᠡᠢ  ᠃      ᠬᠢᠩᠭᠠᠨ ᠴᠢᠬᠤᠯᠠᠴᠢᠯᠠᠬᠤ ᠳᠠᠭᠠᠨ᠂ ᠵᠥᠪ‌‍ᠴᠢᠭᠯᠡᠯ ᠢ ᠪᠠᠷᠢᠮᠲᠠᠯᠠᠵᠤ᠂ ᠲᠤᠰ ᠣᠳᠠᠭᠠᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ‌‍ᠶᠢ ᠣᠨᠣᠪᠴᠢᠲᠠᠢ ᠡᠵᠡᠮᠳᠡᠬᠦ ᠬᠡᠷᠡᠭᠲᠡᠢ᠃ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ‌ᠠᠯᠬᠤᠮ ᠥᠷᠭᠡᠳᠬᠡᠵᠦ᠂ ᠡᠪᠯᠡᠯ ᠤᠨ ᠺᠠᠳ᠋ᠷ ᠤᠨ ᠡᠩᠨᠡᠭᠡ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠬᠡᠷᠡᠭᠲᠠᠢ  ᠃ ᠡᠯ᠎ᠡ‌‍ᠱᠠᠲᠤᠨ ᠤ ᠨᠠᠮ ᠤᠨ ᠬᠤᠷᠢᠶ᠎ᠠ‌ᠡᠴᠠ ᠵᠠᠯᠠᠭᠤ ᠴᠢᠳᠠᠪᠤᠷᠢᠲᠠᠨ ᠢ ᠢᠯᠡᠷᠡᠭᠦᠯᠬᠦ ᠪᠠ ᠬᠥᠮᠦᠵᠢᠭᠦᠯᠬᠦ ᠳᠡᠭᠡᠨ ᠴᠢᠳᠠᠮᠠᠭᠠᠶ ᠪᠠᠶᠢᠵᠤ᠂ ᠡᠪᠯᠡᠯ ᠤᠨ ᠭᠡᠰᠢᠭᠦᠨ ᠵᠠᠯᠠᠭᠤᠴᠤᠳ ᠤᠨ ᠰᠢᠯᠢᠳᠡᠭ‌ᠨᠡᠶᠢᠲᠡᠯᠢᠭ‌ᠵᠢᠱᠢᠶ᠎ᠡ‌ᠵᠡᠷᠭᠡ  ᠵᠠᠯᠠᠭᠤ ᠴᠢᠳᠠᠪᠤᠷᠢᠲᠠᠨ ᠢ ᠢᠯᠡᠷᠡᠭᠦᠯᠬᠦ ᠪᠠ ᠬᠥᠮᠦᠵᠢᠭᠦᠯᠬᠦ ᠶᠢ ᠴᠢᠬᠤᠯᠠᠴᠢᠯᠠᠵᠤ᠂ ᠵᠢᠩᠬᠢᠨᠢ ᠰᠢᠯᠢᠳᠡᠭ ᠵᠠᠯᠠᠭᠤᠴᠤᠳ ᠢ ᠡᠯ᠎ᠡ‌‍ᠱᠠᠲᠤᠨ ᠤ ᠡᠪᠯᠡᠯ ᠤᠨ ᠠᠵᠢᠯ ᠤᠨ ᠪᠠᠶᠢᠷᠢᠨ ᠳᠤ ᠭᠠᠷᠭᠠᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠬᠦᠴᠦᠨ ᠢ ᠪᠠᠳᠠᠷᠠᠭᠤᠯᠬᠤ ᠬᠡᠷᠡᠭᠲᠡᠶ  ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ  ᠃        ︿︿ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ﹀﹀ ᠪᠠ ︿︿ᠪᠠᠶᠢᠳᠠᠯ ᠢ ᠠᠰᠢᠭᠯᠠᠨ ᠬᠥᠭᠵᠢᠭᠦᠯᠬᠦ﹀﹀ ᠤᠬᠠᠮᠰᠠᠷ  ᠢ ᠪᠠᠲᠤ ᠪᠠᠬᠢ ᠪᠣᠶ ᠪᠣᠯᠭᠠᠵᠤ᠂ ᠨᠡᠶᠢᠭᠡᠮ ᠤᠨ ᠡᠯ᠎ᠡ‌ᠡᠲᠡᠭᠡᠳ ᠤᠨ ᠬᠢᠨ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠡᠪ‌ᠬᠠᠮᠲᠤ ᠵᠠᠯᠠᠭᠤᠴᠤᠳ ᠤᠨ ᠡᠪᠯᠡᠯ ᠤᠨ ᠦᠶᠯᠡᠰ ᠤᠨ ᠬᠥᠭᠵᠢᠯᠲᠡ ᠶᠢ ᠠᠬᠢᠭᠤᠯᠬᠤ ᠪᠠᠷ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠬᠦ ᠪᠠ‌ᠨᠡᠶᠢᠭᠡᠮ ᠤᠨ ᠡᠭᠦᠷᠭᠡ ᠶᠢ ᠭᠦᠶᠴᠡᠳᠬᠡᠬᠦ ᠶᠢᠨ ᠴᠢᠬᠤᠯᠠ ᠠᠭᠤᠯᠭ᠎ᠠ ᠪᠣᠯᠭᠠᠵᠤ᠂ ᠣᠯᠠᠨ ᠲᠦᠮᠡᠨ ᠪᠠ‌ᠵᠠᠯᠠᠭᠤᠴᠤᠳ ᠪᠠᠭᠠᠴᠤᠳ ᠢ ᠳᠠᠶᠢᠴᠢᠯᠠᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠰᠠᠨᠠᠭᠠᠴᠢᠯᠠᠭ᠎ᠠ ᠶᠢ ᠴᠤᠤᠷᠢᠶᠠᠲᠤᠭᠤᠯᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠶᠢᠨ ᠡᠪᠯᠡᠯ ᠤᠨ ᠠᠵᠢᠯ ᠢ ᠢᠳᠡᠪᠬᠢᠲᠡᠶ ᠬᠠᠯᠠᠮᠵᠢᠯᠠᠨ ᠳᠡᠮᠵᠢᠬᠦ ᠶᠢ ᠠᠬᠢᠭᠤᠯᠵᠤ᠂ ᠡᠯ᠎ᠡ ᠠᠵᠢᠯ ᠲᠥᠷᠥᠯ ᠢ ᠬᠥᠲᠥᠯᠥᠨ ᠵᠢᠯᠣᠭᠤᠳᠴᠤ ᠪᠠᠶᠢᠭᠠᠳ ᠡᠪ ᠬᠠᠮᠲᠤ ᠵᠠᠯᠠᠭᠤᠴᠤᠳ ᠤᠨ ᠡᠪᠯᠡᠯ ᠤᠨ ᠪᠠᠶᠢᠭᠤᠯᠤᠯᠲᠠ ᠳᠤ ᠤᠷᠤᠯᠴᠠᠭᠤᠯᠬᠤ ᠬᠡᠷᠡᠭᠲᠠᠢ ᠭᠡᠵᠡᠢ  ᠃      ᠬᠢᠩᠭᠠᠨ ᠱᠠᠭᠠᠷᠳᠠᠬᠤ ᠳᠠᠭᠠᠨ᠂ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠬᠤ ᠬᠡᠷᠡᠭᠲᠡᠢ  ᠃ ᠡᠯ᠎ᠡ‌ᠭᠠᠵᠠᠷ ᠡᠯ᠎ᠡ ᠪᠦᠷᠢᠯᠳᠦᠬᠦᠨ  ᠨᠢᠭᠡᠴᠡ ᠶᠢᠨ ᠬᠢᠨ ︿︿ᠬᠥᠯᠭᠡ ᠰᠢᠳᠠᠷ᠎ᠠ﹀﹀ ᠶᠢᠨ ᠦᠵᠡᠯ ᠰᠠᠨᠠᠭ᠎ᠠ  ᠶᠢ ᠪᠠᠲᠤ ᠪᠠᠬᠢ ᠪᠤᠢ ᠪᠣᠯᠭᠠᠵᠤ᠂ ᠡᠯ᠎ᠡ ᠵᠦᠢᠯ ᠤᠨ ᠠᠵᠢᠯ ᠢ ᠦᠨᠡᠨ ᠬᠦ ᠴᠢᠩᠭ᠎ᠠ ᠠᠳᠬᠤᠵᠤ ᠰᠠᠶᠢᠲᠤᠷ ᠠᠳᠬᠤᠬᠤ ᠬᠡᠷᠡᠭᠲᠡᠢ  ᠃ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ  ᠶᠢ ᠴᠢᠩᠭᠠᠳᠬᠠᠵᠤ᠂ ᠱᠠᠲᠤ ᠱᠠᠲᠤ ᠪᠠᠷ ᠳᠠᠷᠤᠯᠲᠠ ᠥᠭᠴᠦ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠨᠢᠭᠡ ᠵᠦᠶᠯ ᠤᠨ ᠴᠢᠬᠤᠯᠠ ᠶᠡᠭᠡ‌ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠵᠤ᠂ ᠡᠷᠡᠰ ᠡᠭᠦᠷᠭᠡᠯᠡᠵᠦ᠂ ᠴᠢᠩᠭ᠎ᠠ ᠠᠳᠬᠤᠵᠤ᠂ ᠠᠵᠢᠯᠯᠠᠭ᠎ᠠ‌‍ᠲ᠋ᠡᠭᠡᠷ᠎ᠡ‌‍ᠪᠡᠨ ᠨᠠᠶᠢᠳᠠᠪᠤᠷᠢᠵᠢᠭᠤᠯᠵᠤ᠂ ᠴᠠᠭ ᠤᠨ ᠵᠠᠩᠭᠢᠯᠠᠭ᠎ᠠ‌‍ᠶᠢᠨ ᠴᠡᠭ ᠶᠣᠰᠣᠭᠠᠷ ᠥᠭᠡᠷᠡᠴᠢᠯᠡᠯᠲᠡ ᠶᠢᠨ ᠡᠯ᠎ᠡ‌ᠵᠦ᠋ᠶᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠡᠪ‌ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠪᠥᠬᠦ ᠬᠤᠰᠢᠭᠤᠨ ᠤ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠴᠠᠭ ᠦᠶ᠎ᠡ ᠶᠢᠨ ᠠᠯᠬᠤᠭ᠎ᠠ ᠶᠢ ᠳᠠᠭᠠᠵᠤ᠂ ᠮᠠᠨ ᠤ ᠬᠤᠰᠢᠭᠤᠨ ᠤ ᠡᠪ‌ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠰᠢᠨ᠎ᠡ ᠪᠠᠶᠢᠳᠠᠯ ᠢ ᠪᠥᠬᠦ ᠬᠦᠴᠦᠨ  ᠢᠶᠠᠷ ᠢᠶᠠᠨ ᠡᠭᠦᠳᠬᠦ ᠬᠡᠷᠡᠭᠲᠡᠶ ᠭᠡᠪᠡ᠃      ᠵᠧᠦ ᠸᠧ ᠮᠢᠨ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠪᠦᠷᠢᠯᠳᠦᠬᠦᠨ ᠨᠢᠭᠡᠴᠡ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠡᠷᠴᠢᠮ ᠢᠶᠠᠨ ᠴᠢᠩᠭᠠᠳᠬᠠᠵᠤ᠂ ᠥᠭᠡᠷᠡᠴᠢᠯᠡᠯᠲᠡ ᠶᠢᠨ ᠡᠭᠦᠷᠭᠡ‌‍ᠶᠢ ᠨᠠᠶᠢᠳᠠᠪᠤᠷᠢᠵᠢᠭᠤᠯᠬᠤ ᠵᠢ‌ᠢᠳᠡᠪᠬᠢᠲᠡᠢ ᠠᠬᠢᠭᠤᠯᠵᠤ᠂ ᠠᠵᠢᠯ ᠤᠨ ᠠᠷᠭ᠎ᠠ‌‍ᠬᠡᠮᠵᠢᠶ᠎ᠡ ᠶᠢᠨ ᠰᠢᠨ᠎ᠡ ᠶᠢ ᠡᠭᠦᠳᠴᠦ᠂ ᠥᠭᠡᠷᠡᠴᠢᠯᠡᠯᠲᠡ ᠶᠢᠨ ᠡᠭᠦᠷᠭᠡ ᠶᠢ ᠴᠢᠨᠠᠷ ᠰᠠᠶᠢᠲᠠᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ  ᠃  
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号