ᠤᠯᠢᠶᠠᠰᠤᠲᠠᠢ ᠪᠠᠯᠭᠠᠰᠦ ᠶᠢᠨ ᠦᠩᠲᠦ ᠨᠡᠶᠢᠭᠡᠮ ᠲᠣᠭᠤᠷᠢᠭ ᠤᠨ ᠵᠡᠪᠰᠡᠭ ᠤᠨ ᠡᠷᠳᠡᠮ ᠤᠨ ᠨᠡᠶᠢᠭᠡᠮᠯᠢᠭ ᠪᠠᠶᠢᠭᠤᠯᠣᠭᠳᠠᠪᠠ
ᠨᠡᠶᠢᠲᠡᠯᠡᠭᠰᠡᠨ ᠴᠠᠭ᠄
2021/10/20
      ᠵᠡᠪᠰᠡᠭ ᠤᠨ ᠡᠷᠳᠡᠮ ᠪᠣᠯ ᠳᠤᠮᠳᠠᠳᠤ ᠤᠯᠤᠰ ᠤᠨ ᠰᠢᠯᠢᠳᠡᠭ‌ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ᠂ ᠮᠥᠨ ᠴᠦ ᠨᠢᠭᠡ‌ᠵᠦ᠋ᠢᠯ ᠤᠨ ᠤᠷᠤᠯᠳᠤᠭᠠᠨ ᠪᠠ ᠪᠡᠶ᠎ᠡ ᠴᠢᠭᠢᠷᠠᠭᠵᠢᠭᠤᠯᠬᠤ ᠶᠢ ᠨᠢᠭᠡ ᠴᠣᠭᠴᠠᠵᠢᠭᠤᠯᠤᠭᠰᠠᠨ ᠪᠡᠶ᠎ᠡ‌ᠵᠢᠨ ᠲᠠᠮᠢᠷ ᠪᠣᠯᠤᠨ᠎ᠠ᠃ ᠳᠤᠮᠳᠠᠳᠤ ᠶᠢᠨ ᠰᠢᠯᠢᠳᠡᠭ‌ᠤᠯᠠᠮᠵᠢᠯᠠᠯᠲᠤ ᠰᠣᠶᠣᠯ ᠢ ᠪᠠᠳᠠᠷᠠᠭᠤᠯᠤᠨ ᠤᠯᠠᠮᠵᠢᠯᠠᠵᠤ᠂  ᠮᠠᠨ ᠤ ᠬᠤᠰᠢᠭᠤᠨ ᠤ ᠰᠠᠭᠤᠭᠠᠯᠢ ᠠᠷᠠᠳ ᠤᠨ ᠡᠳᠦᠷ ᠢᠷᠡᠬᠦᠶ᠎ᠡ‌ᠨᠡᠮᠡᠭᠳᠡᠵᠦ ᠪᠠᠶᠢᠭ᠎ᠠ‌ᠣᠶᠤᠨ ᠤ ᠰᠣᠶᠣᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠶᠢᠨ ᠲᠥᠯᠥᠭᠡ᠂ 10 ᠰᠠᠷ᠎ᠠ‌‍ᠶᠢᠨ 14 ᠤ ᠡᠳᠦᠷ᠂ ᠮᠠᠨ ᠤ ᠬᠤᠰᠢᠭᠤᠨ ᠤ ᠤᠯᠢᠶᠠᠰᠤᠲᠠᠢ ᠪᠠᠯᠭᠠᠰᠦ ᠶᠢᠨ ᠦᠩᠲᠦ ᠨᠡᠶᠢᠭᠡᠮ ᠲᠣᠭᠤᠷᠢᠭ ᠵᠡᠪᠰᠡᠭ ᠤᠨ ᠡᠷᠳᠡᠮ ᠤᠨ ᠨᠡᠶᠢᠭᠡᠮᠯᠢᠭ ᠪᠠᠶᠢᠭᠤᠯᠤᠭᠳᠠᠬᠤ ᠬᠤᠷᠠᠯ ᠬᠤᠷᠠᠯᠳᠤᠭᠤᠯᠪᠠ  ᠃      ᠬᠤᠷᠠᠯ ᠠᠴᠠ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠨᠡᠶᠢᠲᠡᠯᠡᠵᠦ᠂  ᠬᠠᠮᠢᠶ᠎ᠠ ᠪᠦᠬᠦᠢ ᠬᠦᠮᠦᠰ ᠲᠤ ᠦᠨᠡᠮᠯᠡᠯ ᠣᠯᠭᠤᠵᠠᠶ  ᠃ ᠣᠶᠢᠯᠠᠭᠠᠭᠰᠠᠨ ᠢᠶᠠᠷ᠂ ᠲᠣᠰ ᠨᠡᠶᠢᠭᠡᠮᠯᠢᠭ ᠪᠣᠯ  ᠮᠠᠨ ᠤ ᠬᠤᠰᠢᠭᠤᠨ  ᠤ ᠵᠡᠪᠰᠡᠭ ᠤᠨ ᠡᠷᠳᠡᠮ   ᠳᠤ ᠪᠠᠭ᠋ᠠᠲᠠᠶ ᠬᠥᠮᠦᠰ ᠢᠶᠠᠷ ᠪᠦᠷᠢᠯᠳᠦᠭᠰᠡᠨ ᠪᠥᠬᠦ ᠬᠤᠰᠢᠭᠤᠨ ᠤ ᠵᠡᠪᠰᠡᠭ ᠤᠨ ᠡᠷᠳᠡᠮ  ᠤᠨ ᠠᠵᠢᠯᠯᠠᠭ᠎ᠠ‌ᠥᠷᠨᠢᠭᠦᠯᠬᠦ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠣᠯᠠᠨ ᠲᠦᠮᠡᠨᠴᠢ ᠵᠣᠬᠢᠶᠠᠨ ᠪᠠᠶᠢᠭᠤᠯᠤᠯᠲᠠ ᠪᠣᠯᠤᠨ᠎ᠠ᠂ ᠣᠳᠣᠬᠠᠨ ᠳᠤ 38 ᠭᠡᠰᠢᠭᠦᠨ ᠲᠠᠢ  ᠃ ᠲᠤᠬᠠᠢ ᠶᠢᠨ ᠲᠠᠯᠠᠪᠠᠢ ᠳᠤ᠂ ᠨᠡᠶᠢᠭᠡᠮᠯᠢᠭ ᠤᠨ ᠭᠡᠰᠢᠭᠦᠳ ᠠᠴᠠ ᠤᠯᠠᠨ ᠳᠤ ᠭᠤᠶᠢᠳᠠ ᠰᠠᠶᠢᠬᠠᠨ ᠨᠢᠳᠤᠷᠭᠠᠨ ᠡᠷᠳᠡᠮ ᠤᠨ ᠲᠣᠭᠯᠠᠯᠲᠠ ᠰᠣᠨᠢᠷᠬᠠᠭᠤᠯᠵᠤ᠂ ᠳᠤᠮᠳᠠᠳᠤ ᠤᠯᠤᠰ ᠤᠨ ᠤᠯᠠᠮᠵᠢᠯᠠᠯᠲᠤ ᠵᠡᠪᠰᠡᠭ ᠤᠨ ᠡᠷᠳᠡᠮ ᠤᠨ ᠷᠢᠳᠢ ᠰᠢᠳᠢ ᠶᠢ ᠭᠦᠢᠴᠡᠳ ᠢᠯᠡᠷᠡᠭᠦᠯᠵᠦ᠂ ᠤᠯᠠᠨ ᠤ ᠬᠠᠯᠠᠭᠤᠨ ᠠᠯᠠᠭ᠎ᠠ ᠲᠠᠰᠢᠯᠳᠠ ᠶᠢ ᠣᠯᠣᠭᠰᠠᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠭᠠᠰᠢ᠂ ᠵᠡᠪᠰᠡᠭ ᠤᠨ ᠡᠷᠳᠡᠮ  ᠨᠢ‌‍ᠬᠥ᠋ᠮᠦᠰ ᠤᠨ ᠡᠷᠡᠭᠦᠯ ᠮᠡᠨᠳᠦ ᠶᠢ ᠬᠥᠭᠡᠭᠡᠴᠡᠯᠳᠦᠬᠦ‍ ᠨᠢᠭᠡ‌ᠵᠦ᠋ᠶᠯ ᠤᠨ ᠪᠡᠶ᠎ᠡ ᠪᠣᠯᠪᠠᠰᠤᠷᠠᠬᠤ ᠠᠷᠭ᠎ᠠ ᠪᠣᠯᠵᠠᠢ᠃ ᠮᠠᠨ ᠤ ᠬᠤᠰᠢᠭᠤᠨ ᠤ ᠤᠯᠢᠶᠠᠰᠤᠲᠠᠢ ᠪᠠᠯᠭᠠᠰᠦ ᠵᠢᠨ‌ᠣᠩᠲᠤ ᠨᠡᠶᠢᠭᠡᠮ ᠲᠣᠭᠤᠷᠢᠭ ‍ᠤᠨ‌ᠵᠡᠪᠰᠡᠭ ᠤᠨ ᠡᠷᠳᠡᠮ ᠤᠨ ᠨᠡᠶᠢᠭᠡᠮᠯᠢᠭ ᠪᠠᠶᠢᠭᠤᠯᠤᠭᠳᠠᠭᠰᠠᠨ ᠨᠢ ᠪᠥᠬᠦ ᠬᠤᠰᠢᠭᠤᠨ ᠤ ᠵᠡᠪᠰᠡᠭ ᠤᠨ ᠡᠷᠳᠡᠮ  ᠳᠤ  ᠪᠠᠭ᠋ᠠᠲᠠᠢ ᠬᠦᠮᠦᠰ ᠲᠤ ᠬᠠᠷᠢᠯᠴᠠᠨ ᠰᠣᠯᠢᠯᠴᠠᠬᠤ᠂  ᠬᠠᠷᠢᠯᠴᠠᠨ ᠰᠤᠷᠤᠯᠴᠠᠬᠤ ᠰᠢᠨ᠎ᠡ‌‍ᠲ᠋ᠠᠪᠴᠠᠩ ᠢ ᠪᠣᠢ ᠪᠣᠯᠭᠠᠨ ᠥᠭᠭᠦᠭᠰᠡᠨ ᠢᠶᠠᠷ ᠪᠠᠷᠠᠬᠤ ᠥᠬᠡᠶ᠂ ᠪᠠᠰᠠ‌ᠵᠡᠪᠰᠡᠭ ᠤᠨ ᠡᠷᠳᠡᠮ ᠤᠨ ᠬᠥᠳᠡᠯᠭᠡᠭᠡᠨ ᠢ ᠪᠥᠬᠦ ᠠᠷᠠᠳ ᠤᠨ ᠪᠡᠶ᠎ᠡ‌‍ᠴᠢᠭᠢᠷᠠᠭᠵᠢᠭᠤᠯᠬᠤ ᠬᠠᠯᠠᠭᠤᠨ ᠥᠷᠨᠢᠯᠲᠡ ᠳᠤ ᠨᠠᠩ‌‍ᠰᠠᠶᠢᠲᠤᠷ ᠠᠭᠤᠰᠤᠯᠴᠠᠭᠤᠯᠵᠤ  ᠂ ᠮᠠᠨ ᠤ ᠬᠤᠰᠢᠭᠤᠨ ᠤ ᠰᠣᠶᠣᠯ ᠪᠡᠶ᠎ᠡ‌‍ᠲ᠋ᠠᠮᠢᠷ ᠤᠨ ᠦᠶᠯᠡᠰ ᠤᠨ ᠬᠥᠭᠵᠢᠯᠲᠡ ᠶᠢ ᠪᠥᠬᠦ ᠲᠠᠯ᠎ᠠ  ᠪᠠᠷ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号