ᠮᠠᠨ ᠤ ᠬᠤᠰᠢᠭᠤ ︽ᠠᠷᠠᠳ ᠤᠨ ᠶᠠᠪᠤᠳᠠᠯ ᠬᠤᠨᠳᠠᠭᠠᠳᠤ︾ ᠡᠭᠦᠳᠡᠨ ᠪᠦᠮᠪᠦᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2021/10/20
      ᠨᠠᠰᠤᠲᠠᠶᠢᠴᠤᠳ ᠤᠨ ᠪᠠᠶᠠᠷ ᠢ ᠪᠡᠯᠭᠡᠯᠡᠵᠦ᠂ ᠥᠷᠭᠡᠨ ᠣᠯᠠᠨ ᠨᠠᠰᠤᠲᠠᠶᠢᠴᠤᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ‌ᠡᠴᠠ ᠭᠤᠤᠯᠯᠠᠨ ᠡᠷᠭᠢᠯᠡᠵᠦ᠂ ᠨᠠᠰᠤᠲᠠᠶᠢᠴᠤᠳ ᠤᠨ ᠪᠡᠶ᠎ᠡ‌‍ᠶᠢᠨ ᠲᠠᠮᠢᠷ ᠤᠨ ᠨᠡᠶᠢᠭᠡᠮᠯᠢᠭ  ᠠᠴᠠ ᠳᠠᠭᠠᠭᠠᠴᠢᠯᠠᠨ ᠡᠷᠭᠢᠯᠡᠭᠰᠡᠨ ︽ᠠᠷᠠᠳ ᠤᠨ ᠶᠠᠪᠤᠳᠠᠯ ᠬᠤᠨᠳᠠᠭᠠᠲᠤ︾ ᠡᠭᠦᠳᠡᠨ ᠪᠥᠮᠪᠦᠭᠡ ᠶᠢᠨ ᠤᠷᠤᠯᠳᠤᠭᠠᠨ ᠨᠢ10 ᠰᠠᠷ᠎ᠠ ᠶᠢᠨ 14—15 ᠤ ᠡᠳᠦᠷ ᠪᠣᠯᠲᠠᠯ᠎ᠠ᠂  ᠬᠤᠰᠢᠭᠤ ᠨᠠᠰᠤᠲᠠᠶᠢᠴᠤᠳ  ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ ᠲᠤ ᠶᠠᠪᠤᠭᠳᠠᠵᠠᠢ᠃
     ᠪᠦᠬᠦ ᠬᠤᠰᠢᠭᠤᠨ ᠤ 60 ᠭᠠᠷᠤᠶ ᠡᠭᠦᠳᠡᠨ ᠪᠦᠮᠪᠦᠭᠡ ᠶᠢᠨ ᠪᠠᠭ᠋ᠠᠲᠠᠳ ᠢᠶᠠᠷ ᠪᠦᠷᠢᠯᠳᠤᠭ᠍ᠰᠡᠨ 10 ᠲᠦᠯᠦᠭᠡᠯᠡᠭᠴᠢ ᠠᠩᠭᠢ ᠶᠢᠨ ᠬᠢᠨ ᠲᠤᠰ ᠤᠳᠠᠭᠠᠨ ᠤ ᠤᠷᠤᠯᠳᠤᠭᠠᠨ ᠳᠤ ᠣᠷᠣᠯᠴᠠᠪᠠ᠃
     ᠤᠷᠤᠯᠳᠤᠭᠠᠨ ᠤ ᠲᠤᠬᠠᠢ ᠶᠢᠨ ᠲᠠᠯᠠᠪᠤᠷ ᠲᠤ᠂ ᠲᠠᠮᠢᠷᠴᠢᠳ ᠦᠲᠡᠯᠦᠭᠡ ᠨᠠᠰᠤᠨ ᠤ ᠴᠤᠭ ᠵᠢᠪᠬᠤᠭ᠎ᠠ‌‍ᠪᠠᠨ ᠪᠠᠳᠠᠷᠠᠭᠤᠯᠵᠤ᠂ ᠪᠦᠮᠪᠦᠭᠡ‌ᠣᠨᠢᠯᠠᠬᠤ᠂ ᠪᠥᠮᠪᠦᠭᠡ ᠴᠣᠬᠢᠬᠤ᠂ ᠡᠭᠦᠳᠡ ᠥᠩᠭᠡᠷᠡᠬᠦ ᠵᠡᠷᠭᠡ ᠶᠠᠪᠤᠴᠠ ᠶᠢ ᠠᠯᠬᠤᠮ ᠳᠠᠷᠠᠭ᠎ᠠ ᠲᠠᠢ ᠶᠠᠪᠤᠭᠳᠠᠭᠤᠯᠵᠤ᠂ ᠡᠭᠦᠳᠡᠨ ᠪᠦᠮᠪᠦᠭᠡ ᠶᠢᠨ ᠤᠷ᠎ᠠ ᠮᠡᠷᠭᠡᠵᠢᠯ ᠢᠶᠠᠨ ᠰᠤᠷᠢᠵᠠᠢ᠃ ᠪᠦᠬᠦ᠋ᠯᠡ ᠤᠷᠤᠯᠳᠤᠭᠠᠨ ᠨᠢ‌ᠡᠪ‌‍ᠪᠦ᠋ᠯᠬᠦᠮᠳᠡᠯ᠂ ᠬᠠᠷᠢᠯᠴᠠᠭ᠎ᠠ‌‍ᠰᠤᠯᠢᠯᠴᠠᠭ᠎ᠠ ᠶᠢ ᠡᠷᠬᠢᠮᠯᠡᠨ᠂ ᠵᠢᠷᠤᠮᠵᠢᠭᠤᠨ ᠪᠥᠭᠡᠳ ᠡᠮᠬᠢ ᠲᠢᠭᠯᠢᠮ  ᠲᠠᠢ᠂ ᠪᠠᠶᠠᠷ ᠬᠦᠷ ᠲᠠᠢ ᠪᠠᠷ ᠶᠠᠪᠤᠭᠳᠠᠨ᠂ ᠪᠦᠬᠦ ᠬᠤᠰᠢᠭᠤᠨ ᠤ ᠨᠠᠰᠤᠲᠠᠶᠢᠴᠤᠳ ᠤᠨ ᠢᠳᠡᠪᠬᠢᠲᠡᠶ ᠤᠷᠤᠭᠰᠢᠯᠠᠨ ᠳᠠᠪᠰᠢᠬᠤ᠂ ᠥᠲᠡᠯᠦᠭᠡ ᠨᠠᠰᠤᠨ ᠳᠠᠭᠠᠨ ᠪᠠᠶᠠᠷ ᠪᠠᠶᠠᠰᠬᠤᠯᠠᠩ ᠲᠠᠢ ᠪᠠᠶᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ  ᠭᠦᠢᠴᠡᠳ ᠢᠯᠡᠷᠡᠭᠦᠯᠦᠭᠰᠡᠨ  ᠪᠠᠶᠢᠨ᠎ᠠ᠃
     ᠬᠤᠶᠠᠷ ᠡᠳᠦᠷ ᠤᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠸᠠᠩ‌ᠢ ᠶᠢᠨ    ᠲᠦᠯᠦᠭᠡᠯᠡᠭᠴᠢ ᠠᠩᠭᠢ ᠶᠢᠨ ᠬᠢᠨ ᠨᠢᠭᠡᠳᠦᠭᠡᠷ ᠨᠡᠷ᠎ᠡ ᠳᠤ ᠲᠤᠳᠤᠷᠠᠵᠤ᠂ ᠶᠤᠸᠠᠨ ᠶᠧ  ᠲᠦᠯᠦᠭᠡᠯᠡᠭᠴᠢ ᠠᠩᠭᠢ ᠶᠢᠨ ᠬᠢᠨ ᠬᠤᠶᠠᠳᠤᠭᠠᠷ ᠨᠡᠷ᠎ᠡ‌‍ᠳᠦ ᠲᠤᠳᠤᠷᠠᠨ᠂ ᠤᠯᠤᠰ ᠲᠥᠷᠥ ᠶᠢᠨ ᠵᠥᠪᠯᠡᠯᠭᠡᠨ ᠤ ᠬᠤᠶᠠᠳᠤᠭᠠᠷ ᠲᠦᠯᠦᠭᠡᠯᠡᠭᠴᠢ‌ᠠᠩᠭᠢ ᠶᠢᠨ  ᠬᠢᠨ ᠭᠤᠷᠪᠠᠳᠤᠭᠠᠷ ᠨᠡᠷ᠎ᠡ‌‍ᠳᠦ ᠲᠤᠳᠤᠷᠠᠵᠠᠢ᠃ ᠤᠷᠤᠯᠳᠤᠭᠠᠨ ᠳᠤ ᠪᠠᠰᠠ ᠠᠩᠬ᠎ᠠ‌ᠤᠳᠠᠭ᠎ᠠ‌ᠡᠭᠦᠳᠡᠨ ᠪᠦᠮᠪᠦᠭᠡ ᠶᠢᠨ ᠤᠷᠤᠯᠳᠤᠭᠠᠨ ᠳᠤ ᠣᠷᠤᠯᠴᠠᠵᠤ ᠪᠠᠶᠢᠭ᠎ᠠ ᠬᠤᠰᠢᠭᠤ ᠨᠡᠶᠢᠬᠡᠮ ᠤᠨ ᠠᠰᠠᠷᠠᠮᠵᠢ ᠶᠢᠨ ᠬᠦᠷᠢᠶᠡᠯᠡᠩ ᠤᠨ  ᠲᠦᠯᠦᠭᠡᠯᠡᠭᠴᠢ ᠠᠩᠭᠢ ᠳᠤ ︽ᠺᠠᠩ ᠯᠧ︾ ᠱᠠᠩᠨᠠᠯ ᠣᠯᠭᠤᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号