ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠰᠦ᠋ ᠫᠧᠩ ᠨᠠᠷ ᠮᠠᠨ ᠤ ᠬᠤᠰᠢᠭᠤᠨ ᠳᠤ ᠭᠦᠨᠵᠡᠭᠡᠶᠢᠷᠡᠨ ᠮᠠᠯᠵᠢᠬᠤ ᠣᠷᠣᠨ ᠤ ᠠᠯᠪᠠᠨ ᠠᠴᠠ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠡᠬᠢ ᠪᠠᠶᠠᠯᠢᠭ ᠤᠨ ᠠᠰᠢᠭᠯᠠᠯᠲᠠ ᠵᠢᠴᠢ ᠦᠶᠯᠡᠴᠢᠯᠡᠭᠡᠨ ᠤ ᠪᠠᠶᠢᠳᠠᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2021/10/20
      10 ᠰᠠᠷ᠎ᠠ ᠶᠢᠨ 12 ᠠᠴᠠ 13 ᠤ ᠡᠳᠦᠷ ᠪᠣᠯᠲᠠᠯ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠰᠦ᠋ ᠫᠧᠩ‌ᠨᠡᠷ ᠪᠥᠬᠦ ᠠᠶᠢᠮᠠᠭ ᠤᠨ ᠮᠠᠯᠵᠢᠬᠤ ᠣᠷᠣᠨ  ᠤ ᠠᠯᠪᠠᠨ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠡᠬᠢ ᠪᠠᠶᠠᠯᠢᠭ ᠤᠨ ᠠᠰᠢᠭᠯᠠᠯᠲᠠ ᠵᠢᠴᠢ ᠦᠶᠯᠡᠴᠢᠯᠡᠭᠡᠨ ᠤ ᠪᠠᠶᠢᠳᠠᠯ ᠤᠨ ᠲᠤᠬᠠᠶ ᠮᠠᠨ ᠤ ᠬᠤᠰᠢᠭᠤᠨ ᠳᠤ ᠭᠦᠨᠵᠡᠭᠡᠶᠢᠷᠡᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠰᠠᠭᠤᠳᠠᠯ ᠤᠨ ᠬᠤᠷᠠᠯ  ᠬᠤᠷᠠᠯᠳᠤᠭᠤᠯᠵᠠᠢ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠤᠶᠤᠨᠭᠡᠷᠡᠯ᠂ ᠳᠡᠳ᠋ ᠬᠤᠰᠢᠭᠤ ᠳᠠᠷᠤᠭ᠎ᠠ ᠶᠣᠣ ᠬᠠᠶ ᠰᠢᠶᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠳᠤ ᠪᠠᠶᠢᠴᠠᠭᠠᠨ ᠰᠤᠳᠤᠯᠤᠯᠲᠠ ᠬᠢᠵᠡᠢ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ‌‍ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠤ  ᠶᠢ ᠪᠠᠲᠤᠵᠢᠭᠤᠯᠬᠤ ᠬᠤᠷᠢᠶ᠎ᠠ᠂ ᠤᠯᠢᠶᠠᠰᠤᠲᠠᠢ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠤᠯᠢᠶᠠᠰᠤᠲᠠᠢ ᠪᠠᠯᠭᠠᠰᠤᠨ ᠤ ᠪᠠᠶ᠋ᠬᠠᠭᠤᠪᠢ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ᠂ ᠳᠠᠭᠤᠲᠤᠨᠠᠭᠤᠷ ᠪᠠᠯᠭᠠᠰᠤᠨ ᠤ ᠭᠤᠤᠯᠯᠠᠬᠤ ᠡᠷᠡᠭᠦᠯ ᠬᠠᠮᠠᠭᠠᠯᠠᠯ ᠤᠨ ᠬᠤᠷᠢᠶ᠎ᠠ᠂ ᠵᠢᠷᠭᠠᠯᠠᠩᠲᠤ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠵᠢᠴᠢ ᠮᠠᠯᠴᠢᠳ ᠤᠨ ᠬᠡᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ  ᠃
     ᠡᠨᠡᠬᠦ ᠬᠤᠭᠤᠴᠠᠭᠠᠨ ᠳᠤ ᠰᠠᠭᠤᠳᠠᠯ ᠤᠨ ᠬᠤᠷᠠᠯ ᠬᠤᠷᠠᠯᠳᠤᠭᠤᠯᠤᠨ᠂ ᠶᠣᠣ ᠬᠠᠶ ᠰᠢᠶᠠ ᠠᠴᠠ ᠮᠠᠨ ᠤ ᠬᠤᠰᠢᠭᠤᠨ ᠤ ᠮᠠᠯᠵᠢᠬᠤ ᠣᠷᠣᠨ ᠤ ᠠᠯᠪᠠᠨ ᠠᠴᠠ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠡᠬᠢ ᠪᠠᠶᠠᠯᠢᠭ ᠤᠨ ᠠᠰᠢᠭᠯᠠᠯᠲᠠ ᠵᠢᠴᠢ ᠦᠶᠯᠡᠴᠢᠯᠡᠭᠡᠨ ᠤ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠬᠤᠰᠢᠭᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠤ ᠶᠢ ᠪᠠᠲᠤᠵᠢᠭᠤᠯᠬᠤ ᠬᠤᠷᠢᠶ᠎ᠠ᠂ ᠤᠯᠢᠶᠠᠰᠤᠲᠠᠢ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠠᠴᠠ  ᠤᠳᠤᠬᠠᠨ ᠤ ᠤᠷᠤᠰᠢᠵᠤ ᠪᠠᠶᠢᠭ᠎ᠠ‌‍ᠬᠦ᠋ᠴᠢᠷᠳᠡᠯ᠂ ᠠᠰᠠᠭᠤᠳᠠᠯ ᠵᠡᠷᠭᠡ‌‍ᠪᠠᠶᠢᠳᠠᠯ ᠤᠨ ᠲᠤᠬᠠᠶ ᠲᠣᠰ ᠲᠣᠰ ᠬᠠᠷᠢᠭᠤ ᠮᠡᠳᠡᠭᠦᠯᠦᠯᠲᠡ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠢᠭᠠᠬᠤ ᠳᠠᠭᠠᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠰᠠᠶᠢᠨ ᠮᠠᠭᠤ ᠨᠢ ᠥᠷᠭᠡᠨ ᠣᠯᠠᠨ ᠠᠷᠠᠳ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠰᠢᠭᠤᠳ ᠨᠥᠯᠥᠭᠡᠯᠡᠨ᠎ᠡ᠃ ᠦᠨᠳᠦᠰᠦᠨ ᠱᠠᠲᠤᠨ ᠤ ᠡᠮᠴᠢᠯᠡᠭᠡᠨ ᠤ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠣᠷᠴᠢᠨ ᠲᠣᠭᠤᠷᠢᠨ ᠢ ᠰᠠᠶᠢᠵᠢᠷᠠᠭᠤᠯᠵᠤ᠂ ᠦᠨᠳᠦᠰᠦᠨ ᠱᠠᠲᠤᠨ ᠤ  ᠡᠮᠴᠢᠯᠡᠭᠡᠨ ᠤ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠲᠦᠪᠰᠢᠨ ᠪᠣᠯᠤᠨ ᠡᠮᠴᠢ ᠰᠤᠪᠢᠯᠠᠭᠴᠢ ᠶᠢᠨ ᠦᠶᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠪᠠᠷᠢᠮᠵᠢᠶ᠎ᠠ‌‍ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ  ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠬᠤᠯᠠᠴᠢᠯᠠᠬᠤ ᠳᠠᠭᠠᠨ᠂ ᠤᠯᠠᠨ ᠲᠦᠮᠡᠨ ᠤ ᠬᠡᠷᠡᠭᠴᠡᠭᠡ‌‍ᠪᠡᠷ ᠤᠳᠤᠷᠢᠳᠤᠮᠵᠢ ᠪᠣᠯᠭᠠᠵᠤ᠂ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ ᠡᠮ ᠡᠮᠨᠡᠯᠭᠡ ᠶᠢᠨ ᠦᠢᠯᠡᠴᠢᠯᠡᠭᠡ ᠶᠢ ᠬᠦᠴᠦᠯᠡᠨ ᠰᠠᠶᠢᠵᠢᠷᠠᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ‌‍ᠪᠠᠷ ᠢᠶᠠᠨ ᠠᠷᠠᠳ ᠤᠯᠠᠨ ᠤ ᠡᠪᠡᠳᠴᠢᠨ ᠦᠵᠡᠭᠦᠯᠦᠭᠰᠡᠨ ᠬᠦᠷᠲᠡᠮᠵᠢ ᠶᠢᠨ ᠲᠦᠷᠦᠭᠳᠡᠯ ᠪᠣᠯᠤᠨ ᠵᠤᠯ ᠵᠢᠷᠭᠠᠯᠲᠤ ᠲᠦᠷᠦᠭᠳᠡᠯ ᠢ ᠰᠠᠬᠢᠨ ᠬᠠᠮᠠᠭᠠᠯᠠᠬᠤ ᠬᠡᠷᠡᠭᠲᠡᠢ᠃ ᠦᠨᠳᠦᠰᠦᠨ ᠡᠮ ᠡᠮᠨᠡᠯᠭᠡ‌ᠡᠷᠡᠭᠦᠯ ᠬᠠᠮᠠᠭᠠᠯᠠᠯ ᠤᠨ ᠦᠢᠯᠡᠰ ᠤᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ‌ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠵᠢᠭ ᠢ ᠰᠡᠷᠭᠡᠶᠢᠯᠡᠬᠦ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠ‌ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号