ᠳᠤᠮᠳᠠᠳᠤ ᠶᠢᠨ ᠦᠨᠳᠦᠰᠦᠲᠡᠨ ᠤ ᠨᠠᠰᠣᠳᠠᠳ ᠢᠶᠠᠨ ᠬᠦᠨᠳᠦᠯᠡᠵᠣ᠂ ᠨᠠᠰᠣᠳᠠᠳ ᠢᠶᠠᠨ ᠬᠠᠶᠢᠷᠠᠯᠠᠬᠤ | ᠰᠢᠯᠢᠳᠡᠭ ᠤᠯᠠᠮᠵᠢᠯᠠᠯ ᠢ ᠪᠠᠳᠠᠷᠠᠭᠤᠯᠬᠤ ᠶᠢᠨ ᠲᠥᠯᠥᠭᠡ᠂ ᠶᠢᠰᠦ ᠶᠢᠰᠦᠨ ᠤ ᠪᠠᠶᠠᠷ ᠤᠨ ᠡᠳᠣᠷ ᠢ ᠲᠣᠬᠢᠶᠠᠯᠳᠣᠭᠤᠯᠣᠨ | ᠂ ᠪᠠᠶ᠋ᠬᠠᠷᠬᠡᠳᠣ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠴᠠᠭ ᠠᠭᠤᠷ ᠤᠨ ᠲᠣᠪᠴᠢᠶ᠎ᠠ ᠪᠣᠯᠤᠨ ᠭᠠᠯ | ᠣᠨᠳᠠᠷᠭᠠᠬᠤ ᠶᠡᠭᠡ ᠠᠩᠭᠢ ᠲᠠᠢ ᠬᠠᠮᠲᠤᠷᠠᠨ ︽ᠨᠠᠰᠣᠳᠠᠳ ᠢᠶᠠᠨ ᠬᠦᠨᠳᠦᠯᠡᠵᠣ᠂ ᠬᠠᠯᠠᠭᠤᠨ ᠬᠠᠶᠢᠷ᠎ᠠ ᠪᠠᠷ ᠢᠶᠠᠨ | ᠰᠡᠳᠬᠢᠯ ᠶᠢ ᠨᠢ ᠲᠣᠯᠠᠭᠠᠴᠠᠭᠤᠯᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠲᠣᠬᠤᠨᠢᠭᠤᠯᠬᠤ | ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠪᠠᠨ ᠨᠠᠰᠤᠲᠠᠶᠢᠴᠤᠳ ᠲᠤ ᠪᠠᠶᠠᠷ ᠤᠨ ᠡᠳᠦᠷ ᠤᠨ ᠮᠡᠨᠳᠦ | ᠳᠡᠪᠰᠢᠭᠦᠯᠪᠡ᠃ | ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠠᠷ ᠲᠦᠷᠦᠭᠦᠯᠡᠨ ᠬᠠᠷᠢᠶᠠᠳᠣ ᠣᠷᠣᠨ ᠤ ᠪᠠᠨ | ᠨᠢᠬᠡ ᠨᠡᠷᠡᠰ ᠭᠡᠷ ᠡᠷᠦᠬᠡ ᠲᠡᠭᠡᠨ ᠦᠨᠴᠦᠷᠦᠨ ᠬᠤᠴᠣᠷᠤᠭᠰᠠᠨ ᠨᠠᠰᠤᠲᠠᠨ ᠪᠣᠯᠣᠨ ᠨᠢᠬᠡ ᠨᠡᠷᠡᠰ ᠠᠵᠢᠯ ᠤᠨ | ᠠᠮᠠᠷᠠᠯᠳᠠ ᠪᠠᠨ ᠠᠪᠣᠭᠰᠠᠨ ᠠᠬᠠᠮᠠᠳ ᠺᠠᠳ᠋ᠷ᠂ ᠬᠤᠶᠠᠷ ᠨᠡᠷᠡᠰ ᠥᠨᠳᠥᠷ ᠨᠠᠰᠤᠲᠠᠢ ᠨᠠᠰᠤᠲᠠᠨ ᠤ | ᠭᠡᠷ ᠲᠤ ᠬᠦᠷᠴᠦ᠂ ᠠᠮᠤ ᠪᠤᠳᠠᠭ᠎ᠠ᠂ ᠢᠳᠡᠰᠢᠨ ᠲᠤᠰᠤ ᠵᠡᠷᠭᠡ ᠠᠮᠢᠳᠤᠷᠠᠯ ᠤᠨ ᠬᠡᠷᠡᠭᠰᠡᠯ ᠢ ᠬᠦᠷᠭᠡᠵᠣ ᠥᠭᠴᠡᠢ᠃ | ᠡᠭᠦᠨ ᠤ ᠲᠠᠭᠤ ᠳᠤ᠂ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠨᠠᠰᠤᠲᠠᠶᠢᠴᠤᠳ ᠤᠨ ᠠᠮᠢᠳᠤᠷᠠᠯ ᠪᠠ | ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠣᠶᠢᠯᠠᠭᠠᠵᠤ᠂ ᠢᠳᠡᠭᠡᠨ ᠤᠮᠳᠠᠭᠠᠨ ᠢᠶᠠᠨ ᠠᠩᠬᠠᠷᠴᠤ᠂ ᠪᠡᠶ᠎ᠡ ᠪᠠᠨ ᠰᠠᠶᠢᠨ | ᠭᠠᠮᠨᠠᠵᠤ᠂ ᠥᠲᠡᠯᠦᠭᠡ ᠨᠠᠰᠤ ᠪᠠᠨ ᠠᠮᠤᠷ ᠵᠢᠮᠦᠷ ᠥᠩᠭᠡᠷᠡᠭᠦᠯᠦᠭᠡᠷᠡᠢ ᠭᠡᠵᠦ ᠨᠠᠰᠤᠲᠠᠶᠢᠴᠤᠳ ᠲᠤ ᠰᠠᠨᠠᠭᠤᠯᠪᠠ᠃ | ᠨᠢᠭᠡ ᠭᠡᠷ ᠲᠤ ᠣᠷᠣᠬᠤ ᠪᠦᠷᠢ᠂ ᠺᠠᠳ᠋ᠷ ᠠᠵᠢᠯᠳᠠᠳ ᠠᠴᠠ ᠨᠠᠰᠤᠲᠠᠶᠢᠴᠤᠳ ᠲᠠᠢ ᠬᠠᠯᠠᠭᠤᠨ ᠵᠣᠭᠤᠭ | ᠳᠡᠯᠭᠡᠵᠦ᠂ ᠲᠡᠳᠡᠨ ᠤ ᠠᠮᠢᠳᠤᠷᠠᠯ ᠪᠠ ᠡᠷᠡᠭᠦᠯ ᠴᠢᠭᠢᠷᠠᠭ ᠤᠨ ᠪᠠᠶᠢᠳᠠᠯ ᠢ ᠣᠶᠢᠯᠠᠭᠠᠵᠤ᠂ ᠲᠡᠳᠡᠨ ᠤ ᠰᠡᠳᠬᠢᠯ ᠤᠨ | ᠦᠭᠡ ᠶᠢ ᠰᠣᠨᠣᠰᠴᠤ᠂ ᠲᠡᠳᠡᠨ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠣ ᠦᠭᠪᠡ᠃ ᠨᠠᠰᠤᠲᠠᠨ | ᠶᠣᠨᠳᠣᠩᠵᠠᠮᠰᠣ ᠪᠣᠯ ᠣᠯᠠᠨ ᠤᠳᠠᠭᠠᠨ ᠤ ᠳᠠᠶᠢᠨ ᠳᠤ ᠣᠷᠣᠯᠴᠠᠵᠤ ᠥᠩᠭᠡᠷᠡᠭᠰᠡᠨ ᠠᠬᠠᠮᠠᠳ ᠴᠡᠷᠢᠭ ᠮᠥᠨ᠂ | ᠨᠡᠶᠢᠭᠡᠮ ᠲᠣᠭᠤᠷᠢᠭ ᠤᠨ ᠺᠠᠳ᠋ᠷᠴᠤᠳ ᠭᠡᠷ ᠲᠤᠨᠢ ᠢᠷᠡᠭᠰᠡᠨ ᠢ ᠬᠠᠷᠠᠭᠠᠳ ᠨᠠᠰᠤᠲᠠᠨ ᠲᠦᠢᠯ ᠢᠶᠠᠷ ᠪᠠᠶᠠᠷᠯᠠᠵᠤ᠂ ᠺᠠᠳ᠋ᠷ | ᠠᠵᠢᠯᠳᠠᠳ ᠠᠴᠠ ᠨᠠᠰᠣᠳᠠᠨ ᠤ ᠥᠲᠡᠯᠦᠭᠡ ᠨᠠᠰᠤᠨ ᠳᠠᠭᠠᠨ ᠵᠣᠯ ᠵᠢᠷᠭᠠᠯ ᠲᠠᠢ ᠪᠠᠶᠢᠬᠤ ᠶᠢ ᠬᠦᠰᠡᠨ ᠵᠦᠩᠨᠡᠪᠡ᠃ | ᠲᠣᠬᠤᠨᠢᠭᠤᠯᠭ᠎ᠠ ᠪᠠᠷ ᠳᠡᠮᠵᠢᠨ᠂ ᠨᠠᠰᠤᠲᠠᠶᠢᠴᠤᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠨᠠᠩ ᠰᠠᠶᠢᠨ ᠲᠠᠮᠵᠢᠭᠤᠯᠵᠣ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ | ᠤᠯᠠᠮ ᠨᠢᠭᠡ ᠠᠯᠬᠤᠮ ᠪᠠᠳᠠᠷᠠᠭᠤᠯᠤᠨ ᠳᠡᠯᠭᠡᠷᠡᠭᠦᠯᠵᠦ᠂ ᠨᠡᠶᠢᠭᠡᠮ ᠲᠣᠭᠤᠷᠢᠭ ᠤᠨ ᠦᠢᠯᠡᠳᠦᠯ ᠴᠢᠳᠠᠪᠬᠢ ᠪᠠᠨ | ᠦᠷᠭᠦᠯᠵᠢᠯᠡᠨ ᠭᠦᠢᠴᠡᠳ ᠪᠠᠳᠠᠷᠠᠭᠤᠯᠵᠤ᠂ ᠬᠠᠷᠢᠶᠠᠳᠣ ᠣᠷᠣᠨ ᠳᠠᠭᠠᠨ ᠨᠠᠰᠤᠲᠠᠨ ᠢᠶᠠᠨ ᠬᠦᠨᠳᠦᠯᠡᠬᠦ᠂ | ᠨᠠᠰᠤᠲᠠᠨ ᠢᠶᠠᠨ ᠲᠡᠭᠡᠳᠦᠯᠡᠬᠦ᠂ ᠨᠠᠰᠤᠲᠠᠨ ᠢᠶᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ | ᠨᠠᠰᠤᠲᠠᠶᠢᠴᠤᠳ ᠲᠤ ᠢᠯᠡᠭᠦᠬᠡᠨ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠨᠠᠰᠤᠲᠠᠶᠢᠴᠤᠳ ᠢ ᠥᠲᠡᠯᠦᠭᠡ | ᠨᠠᠰᠤᠨ ᠳᠠᠭᠠᠨ ᠲᠦᠰᠢᠭ ᠲᠤᠯᠭᠠᠭᠤᠷᠢ ᠲᠠᠢ᠂ ᠪᠠᠶᠠᠷ ᠴᠡᠩᠭᠡᠯ ᠲᠠᠢ ᠪᠣᠯᠭᠠᠵᠤ᠂ ᠨᠠᠰᠤᠲᠠᠶᠢᠴᠤᠳ ᠲᠤ ᠨᠡᠩ ᠡᠶ᠎ᠡ | ᠵᠣᠬᠢᠴᠠᠯ ᠲᠠᠢ᠂ ᠵᠣᠯ ᠵᠢᠷᠭᠠᠯᠲᠤ ᠥᠲᠡᠯᠦᠭᠡ ᠨᠠᠰᠤᠨ ᠤ ᠠᠮᠢᠳᠤᠷᠠᠯ ᠤᠨ ᠣᠷᠴᠢᠨ ᠨᠥᠬᠦᠴᠡᠯ ᠢ ᠪᠤᠢ ᠪᠣᠯᠭᠠᠵᠤ | ᠦᠭᠭᠦ ᠶᠢ ᠵᠣᠷᠢᠪᠠ᠃ |