ᠶᠢᠰᠦᠨ ᠰᠠᠷ᠎ᠠ ᠶᠢᠨ ᠶᠢᠰᠦᠨ ᠤ ᠪᠠᠶᠠᠷ ᠲᠤ ᠲᠣᠬᠢᠶᠠᠯᠳᠣᠭᠤᠯᠤᠨ ᠨᠠᠰᠤᠲᠠᠶᠢᠴᠤᠳ ᠤᠨ ᠰᠡᠳᠬᠢᠯ ᠢ ᠲᠤᠯᠠᠭᠠᠴᠠᠭᠤᠯᠬᠤ ᠪᠠᠷ ᠤᠯᠢᠶᠠᠰᠤᠲᠠᠢ ᠪᠠᠯᠭᠠᠰᠤᠨ ᠤ ᠬᠦᠪᠴᠢᠨ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠨᠠᠰᠤᠲᠠᠶᠢᠴᠤᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/10/20
      ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠵᠦ᠂ ᠨᠠᠰᠤᠲᠠᠨ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠬᠤ ᠶᠢᠨ ᠲᠥᠯᠥᠭᠡ 10 ᠰᠠᠷ᠎ᠠ ᠶᠢᠨ 14 ᠤ ᠡᠳᠦᠷ᠂ ᠤᠯᠢᠶᠠᠰᠤᠲᠠᠢ ᠪᠠᠯᠭᠠᠰᠤᠨ ᠤ  ᠬᠦᠪᠴᠢᠨ ᠨᠡᠶᠢᠭᠡᠮ ᠲᠣᠭᠤᠷᠢᠭ ᠪᠣᠯᠤᠨ ᠬᠠᠮᠲᠤᠷᠠᠭᠰᠠᠨ ᠨᠠᠮ ᠤᠨ ᠬᠤᠷᠢᠶᠠᠨ ᠤ ᠪᠦᠷᠢᠯᠳᠦᠬᠦᠨ ᠨᠢᠭᠡᠴᠡ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠠᠬᠠᠮᠠᠳ ᠨᠠᠮ ᠤᠨ ᠭᠡᠰᠢᠭᠦᠨ᠂ ᠭᠡᠷ ᠲᠡᠭᠡᠨ ᠬᠤᠴᠣᠷᠤᠭᠰᠠᠨ᠂ ᠶᠠᠳᠠᠭᠤ ᠬᠦᠴᠢᠷᠳᠡᠯᠲᠡᠢ᠂ ᠥᠨᠳᠥᠷ ᠨᠠᠰᠤᠲᠠᠢ ᠨᠠᠰᠤᠲᠠᠶᠢᠴᠤᠳ ᠢ  ᠲᠤᠬᠤᠨᠢᠭᠤᠯᠵᠠᠢ᠃      ᠬᠠᠤᠯᠢ ᠴᠠᠭᠠᠵᠠ ᠶᠢᠨ ᠲᠤᠪᠴᠢᠶ᠎ᠠ  ᠠᠴᠠ ᠠᠵᠢᠯ ᠤᠨ ᠪᠠᠶᠢᠷᠢ ᠳᠤ ᠪᠠᠶᠢᠭ᠎ᠠ ᠨᠠᠮ ᠤᠨ ᠭᠡᠰᠢᠭᠦᠨ  ᠂ ᠨᠠᠮ ᠤᠨ ᠭᠡᠰᠢᠭᠦᠨ ᠤ ᠲᠣᠭᠲᠠᠮᠠᠯ  ᠬᠦᠳᠡᠯᠭᠡᠭᠡᠨ ᠤ ᠡᠳᠦᠷ ᠲᠠᠢ ᠤᠶᠠᠯᠳᠤᠭᠤᠯᠤᠨ ᠬᠦᠪᠴᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ᠂ ᠡᠮᠡᠭᠲᠡᠶᠢᠴᠦᠳ ᠤᠨ ᠬᠤᠯᠪᠣᠭ᠎ᠠ ᠲᠠᠢ  ᠬᠠᠮᠲᠤᠷᠠᠨ ᠠᠬᠠᠮᠠᠳ ᠨᠠᠮ ᠤᠨ ᠭᠡᠰᠢᠭᠦᠨ  ᠂  ᠠᠮᠢᠳᠤᠷᠠᠯ  ᠬᠦᠴᠢᠷᠳᠠᠢ᠂ ᠥᠨᠳᠥᠷ ᠨᠠᠰᠤᠲᠠᠢ 4 ᠨᠠᠰᠤᠲᠠᠨ ᠢ ᠲᠣᠬᠤᠨᠢᠭᠤᠯᠵᠠᠢ᠃ ᠨᠠᠰᠤᠲᠠᠶᠢᠴᠤᠳ ᠤᠨ ᠬᠡᠷ ᠲᠤ ᠤᠴᠢᠵᠦ᠂ ᠨᠠᠰᠤᠲᠠᠶᠢᠴᠤᠳ ᠲᠤ 500 ᠲᠥᠭᠦᠷᠢᠭ ᠤᠨ  ᠲᠤᠬᠤᠨᠢᠭᠤᠯᠭ᠎ᠠ ᠶᠢᠨ ᠮᠥᠩᠭᠦ  ᠪᠤᠯᠤᠨ ᠡᠳ᠋  ᠪᠤᠳᠠᠰ ᠵᠡᠷᠭᠡ ᠶᠢ ᠬᠦᠷᠭᠡᠵᠦ᠂ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠠᠯ ᠪᠠ ᠪᠡᠶ᠎ᠡ ᠮᠠᠬᠠᠪᠣᠳ ᠤᠨ ᠪᠠᠶᠢᠳᠠᠯ ᠢ ᠣᠶᠢᠯᠠᠭᠠᠵᠤ᠂ ᠢᠳᠡᠭᠡᠨ ᠤᠮᠳᠠᠭᠠᠨ ᠢᠶᠠᠨ ᠠᠩᠬᠠᠷᠴᠤ᠂ ᠪᠡᠶ᠎ᠡ ᠪᠠᠨ ᠭᠠᠮᠨᠠᠵᠤ᠂ ᠥᠲᠡᠯᠦᠭᠡ ᠨᠠᠰᠤ ᠪᠠᠨ ᠠᠮᠤᠷ ᠲᠠᠶᠢᠪᠤᠩ ᠥᠩᠭᠡᠷᠡᠭᠦᠯᠬᠦ ᠶᠢ ᠨᠠᠰᠤᠲᠠᠶᠢᠴᠤᠳ ᠲᠤ ᠨᠠᠶᠢᠳᠠᠪᠠ᠃      ᠨᠠᠰᠤᠲᠠᠨ ᠢᠶᠠᠨ ᠬᠠᠶᠢᠷᠠᠯᠠᠵᠤ᠂ ᠨᠠᠰᠤᠲᠠᠨ ᠢᠶᠠᠨ ᠬᠠᠪᠰᠤᠷᠬᠤ  ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠬᠦᠪᠴᠢᠨ ᠨᠡᠶᠢᠭᠡᠮ ᠲᠣᠭᠤᠷᠢᠭ ᠤᠨ ᠬᠢᠨ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠭᠡᠵᠦ᠂ ᠪᠣᠳᠠᠲᠠᠢ ᠶᠠᠪᠤᠳᠠᠯ ᠬᠢᠵᠦ᠂ ᠬᠦᠴᠢᠷᠳᠡᠯ ᠢ ᠨᠢ ᠰᠢᠢᠳᠪᠦᠷᠢᠯᠡᠵᠦ ᠥᠭᠬᠦ ᠪᠠᠷ ᠴᠢᠷᠮᠠᠶᠢᠨ᠎ᠠ᠃ ᠡᠨᠡ ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠨᠠᠰᠤᠲᠠᠶᠢᠴᠤᠳ ᠲᠤ ᠬᠠᠯᠠᠭᠤᠨ ᠳᠤᠯᠠᠭᠠᠨ᠂ ᠪᠠᠶᠠᠷ ᠬᠥᠷ ᠲᠠᠢ ᠶᠢᠰᠦᠨ ᠰᠠᠷ᠎ᠠ ᠶᠢᠨ ᠶᠢᠰᠦᠨ ᠤ ᠪᠠᠶᠠᠷ ᠢ ᠦᠩᠭᠡᠷᠡᠭᠦᠯᠦᠭᠰᠡᠨ ᠢᠶᠠᠷ ᠪᠠᠷᠠᠬᠤ ᠦᠭᠡᠶ᠂ ᠨᠡᠩ ᠴᠤ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠭᠡᠵᠡᠶ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号