ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠨ ᠪᠢᠴᠢᠯᠭᠡ ᠶᠢᠨ ᠤᠷᠤᠯᠳᠤᠭᠠᠨ ᠶᠠᠪᠣᠭᠳᠠᠪᠠ
ᠨᠡᠶᠢᠲᠡᠯᠡᠭᠰᠡᠨ ᠴᠠᠭ᠄
2021/10/21
      ᠬᠤᠰᠢᠭᠤ ᠦᠨᠳᠦᠰᠦᠲᠡᠨ ᠤ ᠬᠡᠷᠡᠭ‌ᠡᠷᠭᠢᠯᠡᠬᠦ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ‌ᠡᠴᠠ ᠭᠤᠤᠯᠯᠠᠨ ᠡᠷᠭᠢᠯᠡᠵᠦ᠂ ᠬᠤᠰᠢᠭᠤ ᠰᠣᠶᠣᠯ ᠤᠨ ᠣᠷᠳᠣᠨ᠂ ᠰᠢᠯᠢ ᠶᠢᠨ ᠭᠤᠤᠯ ᠠᠶᠢᠮᠠᠭ ᠤᠨ ᠰᠢ ᠶᠢᠨᠵᠤᠤᠷ  ᠤᠨ ︽ᠨᠡᠷᠡᠲᠦ ᠬᠦᠮᠦᠰ ᠤᠨ ᠠᠵᠢᠯᠯᠠᠬᠤ ᠥᠷᠦᠭᠡ︾ ᠠᠴᠠ ᠳᠠᠭᠠᠭᠠᠴᠢᠯᠠᠨ ᠡᠷᠭᠢᠯᠡᠭᠰᠡᠨ ︿︿ᠨᠠᠮ ᠤᠨ ᠦᠭᠡ ᠶᠢ ᠰᠣᠨᠣᠰᠴᠤ᠂ ᠨᠠᠮ  ᠳᠠᠭᠠᠨ ᠲᠠᠯᠠᠷᠬᠠᠨ᠂ ᠨᠠᠮ ᠢᠶᠠᠨ ᠲᠠᠭᠠᠨ—ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠶ᠎ᠠ﹀﹀ ᠭᠡᠰᠡᠨ ᠭᠤᠤᠯ ᠰᠡᠳᠦᠪᠲᠦ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠨ ᠪᠢᠴᠢᠯᠭᠡ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ 10 ᠰᠠᠷ᠎ᠠ ᠶᠢᠨ14 ᠤ ᠡᠳᠦᠷ᠂ ᠦᠵᠦᠮᠦᠴᠢᠨ ᠮᠦᠽᠧᠶ ᠳᠤ ᠶᠠᠪᠤᠭᠳᠠᠪᠠ᠃                          ᠤᠷᠤᠯᠳᠤᠭᠠᠨ ᠳᠤ ᠣᠷᠣᠯᠴᠠᠭᠰᠠᠨ ᠳᠤᠮᠳᠠᠳᠤ ᠪᠠᠭ᠎ᠠ‌‍ᠰᠤᠷᠭᠠᠭᠤᠯᠢ ᠶᠢᠨ ᠰᠤᠷᠤᠭᠴᠢᠳ ᠤᠷᠠᠨ ᠪᠢᠴᠢᠯᠭᠡ‌‍ᠶᠢᠨ ᠪᠦᠲᠦᠭᠡᠯ ᠢ ᠪᠠᠭ᠋ᠠᠲᠤᠨ ᠰᠤᠨᠢᠷᠬᠠᠵᠤ᠂ ᠬᠡᠷᠡᠯ ᠵᠢᠷᠤᠭ ᠠᠪᠴᠤ ᠳᠤᠷᠠᠰᠬᠠᠯ ᠦᠯᠡᠳᠡᠭᠡᠨ᠂  ᠠᠬᠤᠢ ᠶᠢᠨ ᠲᠠᠯᠠᠪᠠᠢ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ  ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠠᠨ ᠪᠢᠴᠢᠯᠭᠡ ᠶᠢᠨ ᠤᠷᠤᠯᠳᠤᠭᠠᠨ ᠨᠢ ᠡᠨᠡ ᠵᠢᠯ ᠤᠨ 9 ᠰᠠᠷ᠎ᠠ‌ᠡᠴᠠ ᠡᠬᠢᠯᠡᠨ  ᠪᠥᠲᠦᠭᠡᠯ ᠡᠯᠰᠡᠵᠦ᠂ ᠪᠥᠬᠦ ᠬᠤᠰᠢᠭᠤᠨ ᠤ ᠳᠤᠮᠳᠠᠳᠤ ᠪᠠᠭ᠎ᠠ‌‍ᠰᠤᠷᠭᠠᠭᠤᠯᠢ ᠶᠢᠨ ᠤᠷᠠᠨ ᠪᠢᠴᠢᠯᠭᠡ ᠳᠤ ᠪᠠᠭ᠋ᠠᠲᠠᠶ ᠰᠤᠷᠤᠭᠴᠢᠳ ᠤᠨ ᠢᠳᠡᠪᠬᠢᠲᠡᠶ ᠣᠷᠤᠯᠴᠠᠭ᠎ᠠ ᠪᠠ ᠬᠦᠷᠢᠶᠡᠯᠡᠯ ᠢ ᠣᠯᠵᠤ᠂ ᠰᠤᠷᠤᠭᠴᠢᠳ ᠤᠨ ᠪᠤᠯᠤᠳ ᠪᠢᠷ᠂ ᠦᠰᠦᠨ ᠪᠢᠷ ᠤᠨ ᠤᠷᠠᠨ ᠪᠢᠴᠢᠯᠭᠡ ᠶᠢᠨ ᠪᠦᠲᠦᠭᠡᠯ  ᠨᠡᠶᠢᠲᠡ 600 ᠭᠠᠷᠤᠶ ᠬᠤᠪᠢ ᠪᠦᠲᠦᠭᠡᠯ ᠣᠷᠤᠯᠴᠠᠵᠤ᠂ ᠪᠦᠲᠦᠭᠡᠯ ᠤᠨ ᠠᠭᠤᠯᠭ᠎ᠠ‌ᠨᠢ ᠴᠥᠮ ᠨᠠᠮ ᠢᠶᠠᠨ ᠬᠠᠶᠢᠷᠠᠯᠠᠬᠤ ᠭᠤᠣᠯ ᠰᠡᠳᠦᠪ ᠲᠠᠢ ᠨᠢᠭᠲᠠ ᠤᠶᠠᠯᠳᠤᠵᠠᠢ  ᠃      ᠲᠣᠰ ᠤᠳᠠᠭᠠᠨ ᠤ ᠠᠵᠢᠯᠯᠠᠭ᠎ᠠ‌ᠨᠢ ᠰᠤᠷᠤᠭᠴᠢᠳ ᠤᠨ ᠤᠷᠠᠨ ᠪᠢᠴᠢᠯᠭᠡ ᠶᠢᠨ ᠪᠦᠲᠦᠭᠡᠯ ᠢᠶᠠᠷ ᠳᠠᠮᠵᠢᠭᠤᠯᠤᠨ ᠂ ᠣᠯᠠᠨ ᠳᠤ ᠤᠷᠠᠨ ᠪᠢᠴᠢᠯᠭᠡ ᠶᠢᠨ ᠤᠷᠠᠯᠢᠭ ᠢ ᠤᠯᠠᠮ ᠨᠢᠭᠡ‌ᠠᠯᠬᠤᠮ ᠮᠡᠳᠡᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠦᠵᠡᠯ ᠰᠠᠨᠠᠭ᠎ᠠ‌ᠤᠯᠤᠰ ᠲᠥᠷᠥ ᠶᠢᠨ ᠬᠥᠮᠦᠵᠢᠯ ᠢ ᠭᠤᠸ᠎ᠠ ᠰᠠᠶᠢᠬᠠᠨ ᠤ  ᠬᠥᠮᠦᠵᠢᠯ ᠳᠤ ᠨᠡᠪᠴᠢᠭᠦᠯᠵᠦ᠂ ᠳᠤᠮᠳᠠᠳᠤ ᠪᠠᠭ᠎ᠠ‌‍ᠰᠤᠷᠭᠠᠭᠤᠯᠢ ᠶᠢᠨ ᠰᠤᠷᠤᠭᠴᠢᠳ ᠤᠨ ᠬᠡᠪ ᠴᠢᠨᠠᠷ ᠤᠨ ᠬᠥᠮᠦᠵᠢᠯ ᠢ ᠠᠬᠢᠭᠤᠯᠬᠤ ᠳᠤ ᠢᠳᠡᠪᠬᠢᠲᠡᠶ ᠦᠶᠯᠡᠳᠦᠯ ᠦᠵᠡᠭᠦᠯᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号