ᠮᠠᠨ ᠤ ᠬᠤᠰᠢᠭᠤ ᠨᠠᠰᠤᠲᠠᠶᠢᠴᠤᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/10/21
     ᠡᠨᠡ ᠵᠢᠯ  ᠤᠨ ᠪᠢᠯᠢᠭ ᠤᠨ ᠤᠯᠠᠷᠢᠯ ᠤᠨ ᠶᠢᠰᠦᠨ ᠰᠠᠷ᠎ᠠ ᠶᠢᠨ ᠶᠢᠰᠦᠨ ᠤ ᠡᠳᠦᠷ ᠪᠣᠯ ᠮᠠᠨ ᠤ ᠤᠯᠤᠰ ᠤᠨ ᠬᠠᠤᠯᠢ ᠪᠠᠷ ᠲᠣᠭᠲᠠᠭᠠᠭᠰᠠᠨ ᠶᠢᠰᠦᠳᠦᠭᠡᠷ ︽ᠨᠠᠰᠤᠲᠠᠶᠢᠴᠤᠳ ᠤᠨ ᠪᠠᠶᠠᠷ︾ ᠪᠣᠯᠤᠨ᠎ᠠ᠃ ᠲᠤᠬᠠᠢ ᠶᠢᠨ ᠡᠳᠦᠷ ᠬᠤᠰᠢᠭᠤ ᠤᠯᠠᠭᠠᠨᠮᠥ᠋ᠴᠢᠷ ᠤᠨ ᠲᠣᠭᠯᠠᠭᠴᠢᠳ ᠪᠣᠯᠤᠨ ᠬᠤᠰᠢᠭᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠰᠠᠶᠢᠨ ᠳᠤᠷᠠᠴᠤᠳ ᠬᠠᠮᠲᠦᠷᠠᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠤᠨ ᠨᠠᠰᠤᠲᠠᠶᠢᠴᠤᠳ ᠲᠤ ᠪᠠᠶᠠᠷ ᠤᠨ ᠡᠳᠦᠷ ᠢ ᠨᠢ ᠪᠡᠯᠭᠡᠯᠡᠵᠦ ᠥᠭᠴᠡᠢ᠃      ᠠᠵᠢᠯᠯᠠᠭᠠᠨ ᠤ ᠲᠤᠬᠠᠶ ᠶᠢᠨ ᠲᠠᠯᠠᠪᠠᠶ ᠳᠤ᠂  ᠬᠤᠰᠢᠭᠤ ᠤᠯᠠᠭᠠᠨᠮᠥ᠋ᠴᠢᠷ ᠤᠨ ᠲᠣᠭᠯᠠᠭᠴᠢᠳ ᠠᠴᠠ ︽ᠲᠠᠯ᠎ᠠ‌ᠨᠤᠲᠤᠭ ᠤᠨ ᠬᠥᠪᠡᠭᠦᠳ ᠥᠬᠢᠳ ᠤᠨ ᠡᠬᠡ‌ᠤᠯᠤᠰ ᠢᠶᠠᠨ ᠬᠠᠶᠢᠷᠠᠯᠠᠵᠤ ᠳᠤᠮᠳᠠᠳᠤ ᠶᠢᠨ ᠦᠨᠳᠦᠰᠦᠲᠡᠨ ᠬᠠᠮᠲᠤ ᠪᠠᠷ ᠨᠢᠭᠲᠠᠷᠠᠨ ᠪᠦᠯᠬᠦᠮᠳᠡᠬᠦ ᠵᠢ‌ᠠᠬᠢᠭᠤᠯᠬᠤ︾ ᠤᠷᠠᠨ ᠰᠠᠶᠢᠬᠠᠨ ᠤ ᠤᠬᠠᠭᠤᠯᠭ᠎ᠠ ᠶᠢᠨ ᠲᠣᠭᠯᠠᠯᠲᠠ ᠭᠠᠷᠭᠠᠵᠤ᠂ ᠳᠠᠭᠤᠤ᠂ ᠪᠥᠵᠢᠭ᠂ ᠬᠥᠭᠵᠢᠮ ᠵᠡᠷᠭᠡ‌ᠡᠯᠪᠡᠭ ᠪᠠᠶᠠᠯᠢᠭ ᠤᠷᠠᠯᠢᠭ ᠤᠨ ᠬᠡᠯᠪᠡᠷᠢ ᠪᠠᠷ ᠨᠠᠰᠤᠲᠠᠶᠢᠴᠤᠳ  ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠨᠠᠰᠤᠲᠠᠶᠢᠴᠤᠳ ᠤᠨ ᠣᠷᠳᠣ ᠨᠠᠰᠤᠯᠠᠵᠤ ᠤᠳᠠᠭᠠᠨ ᠵᠢᠷᠭᠠᠬᠤ ᠶᠢ ᠨᠢ ᠬᠦᠰᠡᠨ ᠵᠥᠩᠨᠡᠵᠡᠢ᠃ ᠰᠠᠶᠢᠨ ᠳᠤᠷᠠᠴᠤᠳ ᠠᠴᠠ ᠪᠠᠰᠠ ᠨᠠᠰᠤᠲᠠᠶᠢᠴᠤᠳ ᠲᠤ ᠪᠡᠯᠡᠭ ᠬᠦᠷᠭᠡᠨ᠂ ᠲᠡᠳᠡᠨ ᠲᠠᠢ ᠲᠤᠳᠤᠨᠤ ᠪᠠᠷ ᠶᠠᠷᠢᠯᠴᠠᠭ᠎ᠠ‌ᠦᠷᠨᠢᠭᠦᠯᠵᠦ᠂  ᠨᠠᠰᠤᠲᠠᠶᠢᠴᠤᠳ ᠲᠤ ᠨᠡᠶᠢᠭᠡᠮ ᠤᠨ ᠬᠠᠶᠢᠷ᠎ᠠ‌ᠬᠠᠯᠠᠮᠵᠢ ᠪᠠ ᠥᠲᠡᠯᠦᠭᠡ ᠨᠠᠰᠤᠨ ᠤ ᠵᠣᠯ ᠵᠢᠷᠭᠠᠯ ᠢ ᠮᠡᠳᠡᠷᠡᠭᠦᠯᠵᠡᠢ  ᠃      ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠪᠢᠯᠡ᠂ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠠᠪᠰᠤᠷᠬᠤ ᠪᠣᠯ ᠪᠥᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠂  ᠮᠠᠨ ᠤ ᠬᠤᠰᠢᠭᠤᠨ ᠤ ᠡᠯ᠎ᠡ‌ᠠᠵᠢᠯ ᠲᠥᠷᠥᠯ ᠤᠨ ᠬᠢᠨ ᠡᠯᠪᠡᠭ ᠪᠠᠶᠠᠯᠢᠭ ᠪᠠᠶᠠᠷ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ‌‍ᠪᠠ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ  ᠪᠤᠯᠭᠠᠵᠠᠢ᠃  
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号