ᠠᠯᠳᠡᠨᠬᠢᠯᠢ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠤᠲᠤᠭ ᠪᠡᠯᠴᠢᠭᠡᠷ ᠢ ᠬᠠᠤᠯᠢ ᠪᠤᠰᠤ ᠪᠠᠷ ᠲᠦᠷ ᠴᠠᠭ ᠡᠵᠡᠯᠡᠨ ᠬᠡᠷᠡᠭᠯᠡᠭᠰᠡᠨ ᠬᠡᠷᠡᠭ ᠢ ᠮᠦᠷᠳᠡᠨ ᠪᠠᠶᠢᠴᠠᠭᠠᠨ ᠰᠢᠶᠳᠪᠦᠷᠢᠯᠡᠪᠠ
ᠨᠡᠶᠢᠲᠡᠯᠡᠭᠰᠡᠨ ᠴᠠᠭ᠄
2021/10/21
      ᠣᠶᠢᠷ᠎ᠠ ᠳᠤ᠂ ᠠᠯᠳᠡᠨᠬᠢᠯᠢ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠤᠲᠤᠭ ᠪᠡᠯᠴᠢᠭᠡᠷ ᠢ ᠬᠠᠤᠯᠢ ᠪᠤᠰᠤ ᠪᠠᠷ ᠲᠦᠷ ᠴᠠᠭ ᠡᠵᠡᠯᠡᠨ ᠬᠡᠷᠡᠭᠯᠡᠭᠰᠡᠨ ᠬᠡᠷᠡᠭ ᠢ ᠮᠦᠷᠳᠡᠨ  ᠪᠠᠶᠢᠴᠠᠭᠠᠨ ᠰᠢᠶᠳᠪᠦᠷᠢᠯᠡᠪᠠ᠃ ᠪᠠᠶᠢᠴᠠᠭᠠᠯᠲᠠ ᠬᠢᠵᠦ ᠭᠡᠷᠡᠴᠢ ᠠᠪᠬᠤ ᠪᠠᠷ ᠳᠡᠮᠵᠢᠨ᠂ ᠲᠤᠬᠠᠶ ᠶᠢᠨ ᠬᠥᠮᠦᠨ ᠬᠤᠸᠠᠩ ᠣᠪᠣᠭᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠥᠬᠡᠶ ᠪᠠᠶᠢᠳᠠᠯ ᠳᠣᠤᠷ᠎ᠠ᠂ ᠵᠡᠭᠦᠨ ᠦᠵᠦᠮᠦᠴᠢᠨ ᠬᠤᠰᠢᠭᠤᠨ ᠤ ᠠᠯᠳᠡᠨᠬᠢᠯᠢ ᠰᠤᠮᠤᠨ ᠤ ᠪᠠᠶᠠᠨᠬᠠᠩᠭᠠᠶ ᠭᠠᠴᠠᠭᠠᠨ ᠤ ᠮᠠᠯᠴᠢᠨ ᠡᠷᠦᠬᠡ ᠴᠤᠶᠢ᠊ ᠣᠪᠣᠭᠲᠤ ᠶᠢᠨ ᠳᠠᠭᠠᠭᠠᠴᠢᠯᠠᠭᠰᠠᠨ ᠨᠤᠲᠤᠭ ᠪᠡᠯᠴᠢᠭᠡᠷ ᠳᠡᠭᠡᠷ᠎ᠡ ᠰᠢᠷᠣᠶ ᠬᠠᠶᠢᠷ ᠮᠠᠯᠲᠠᠬᠤ ᠠᠵᠢᠯᠯᠠᠭ᠎ᠠ ᠬᠢᠵᠦ᠂ ᠨᠤᠲᠤᠭ ᠪᠡᠯᠴᠢᠭᠡᠷ ᠢ ᠡᠪᠳᠡᠭᠰᠡᠨ ᠲᠠᠯᠠᠪᠠᠶ ᠨᠢ 0.776 ᠮᠥ ᠪᠠᠶᠢᠵᠤ᠂ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠳᠤ ᠲᠣᠭᠠᠴᠠᠭᠳᠠᠨ᠎ᠠ᠃ ᠮᠠᠨ ᠤ ᠲᠤᠪᠴᠢᠶᠠᠨ ᠤ ᠬᠠᠤᠯᠢ ᠬᠡᠷᠡᠭᠵᠢᠭᠦᠯᠬᠦ ᠠᠵᠢᠯᠲᠠᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠰᠢᠶᠳᠬᠡᠯ ᠤᠨ ᠵᠦᠶᠯ ᠵᠤᠷᠪᠤᠰ ᠢ ᠲᠤᠬᠠᠶ ᠶᠢᠨ ᠬᠥᠮᠦᠨ ᠳᠤ ᠲᠠᠶᠢᠯᠪᠤᠷᠢᠯᠠᠨ ᠲᠣᠳᠣᠷᠬᠠᠶᠢᠯᠠᠵᠤ ᠥᠭᠭᠦᠭᠰᠡᠨ ᠤ ᠳᠠᠷᠠᠭ᠎ᠠ᠂ ᠲᠤᠬᠠᠶ ᠶᠢᠨ ᠲᠠᠯᠠᠪᠠᠶ ᠳᠤ ︽ᠵᠠᠷᠯᠢᠭᠳᠠᠨ ᠵᠠᠯᠠᠷᠠᠭᠤᠯᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠪᠠᠷᠢᠯᠭ᠎ᠠ ᠶᠢᠨ ᠠᠵᠢᠯ ᠢᠶᠠᠨ ᠲᠡᠷᠡ ᠳᠠᠷᠤᠶ ᠳᠤᠨᠢ ᠵᠣᠭᠰᠣᠭᠠᠬᠤ ᠶᠢ ᠱᠠᠭᠠᠷᠳᠠᠪᠠ  ᠃ ᠳᠠᠷᠠᠭ᠎ᠠ ᠨᠢ  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢᠨ ᠲᠠᠪᠢᠳᠤᠭᠠᠷ ᠵᠦᠶᠯ ᠤᠨ ᠲᠣᠭᠲᠠᠭᠠᠯ ᠢ ᠦᠨᠳᠦᠰᠦᠯᠡᠨ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠪᠠᠭᠤᠯᠭᠠᠪᠠ  ᠃      ᠬᠠᠤᠯᠢ ᠬᠡᠷᠡᠭᠵᠢᠭᠦᠯᠬᠦ ᠠᠵᠢᠯᠲᠠᠨ ᠤ ᠬᠥᠮᠦᠵᠢᠯ ᠵᠢᠯᠣᠭᠤᠳᠣᠯᠭ᠎ᠠ ᠳᠣᠤᠷ᠎ᠠ᠂ ᠲᠤᠬᠠᠶ ᠶᠢᠨ ᠬᠥᠮᠦᠨ ᠥᠪᠡᠷ  ᠤᠨ ᠦᠶᠯᠡ ᠠᠵᠢᠯᠯᠠᠭ᠎ᠠ ᠶᠢᠨ ᠬᠠᠤᠯᠢ ᠵᠥᠷᠢᠴᠡᠭᠰᠡᠨ ᠴᠢᠨᠠᠷ ᠪᠠ ᠬᠦᠨᠳᠦ ᠨᠣᠴᠢᠲᠠᠶ ᠴᠢᠨᠠᠷ ᠢ ᠭᠦᠶᠴᠡᠳ ᠲᠠᠨᠢᠵᠤ᠂ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠥᠪᠡᠷ ᠤᠨ ᠡᠪᠳᠡᠭᠰᠡᠨ ᠨᠤᠲᠤᠭ ᠪᠡᠯᠴᠢᠭᠡᠷ ᠤᠨ ᠢᠶᠠᠨ ᠠᠮᠢ ᠠᠬᠤᠶ ᠶᠢ ᠵᠠᠰᠠᠨ ᠰᠡᠷᠭᠦᠭᠡᠬᠦ ᠶᠢᠨ ᠬᠠᠮᠲᠤ ᠲᠣᠷᠭᠠᠭᠤᠯᠢ ᠶᠢᠨ ᠵᠣᠭᠤᠰ ᠢ ᠪᠦᠬᠦᠨ ᠢ ᠲᠤᠰᠢᠶᠠᠨ᠎ᠠ ᠭᠡᠵᠦ ᠢᠯᠡᠳᠬᠡᠪᠡ  ᠃      ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠦᠷᠭᠦᠯᠵᠢᠯᠡᠨ ︽ᠬᠤᠶᠠᠷ ᠲᠠᠯ᠎ᠠ ᠪᠠᠷ ᠠᠳᠬᠤᠬᠤ︾   ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠮᠤᠨ ᠤ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠬᠠᠮᠠᠭᠠᠯᠠᠨ᠎ᠠ  ᠃      ᠨᠢᠭᠡ᠂ ᠤᠷᠲᠤ ᠬᠤᠭᠤᠴᠠᠭ᠎ᠠ ᠪᠠᠷ ᠠᠳᠬᠤᠬᠤ — ᠡᠳᠦᠷ ᠲᠤᠲᠤᠮ ᠤᠨ ᠴᠠᠭᠳᠠᠨ ᠪᠠᠶᠢᠴᠠᠭᠠᠬᠤ ᠠᠵᠢᠯ  ᠢᠶᠠᠨ ᠦᠷᠭᠦᠯᠵᠢᠯᠡᠨ ᠴᠢᠩᠭᠠᠳᠬᠠᠨ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠩᠭᠤ ᠶᠢᠨ ᠰᠢᠰᠲ᠋ᠧᠮ ᠢ ᠲᠠᠬᠦᠯᠲᠠᠷᠵᠢᠬᠦᠯᠵᠤ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠤᠨ᠂ ᠬᠠᠤᠯᠢ ᠬᠡᠷᠡᠭᠵᠬᠦᠯᠤᠨ ᠬᠢᠨᠠᠯᠲᠠ ᠲᠠᠯᠪᠢᠬᠤ ᠴᠢᠳᠠᠪᠤᠷᠢ ᠶᠢ ᠳᠡᠭᠡᠭᠰᠢᠯᠡᠭᠦᠯᠵᠦ᠂ ᠨᠤᠲᠤᠭ ᠪᠡᠯᠴᠢᠭᠡᠷ  ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠳᠤᠷ᠎ᠠ ᠪᠠᠷ ᠢᠶᠠᠨ ᠬᠠᠭᠠᠯᠪᠤᠷᠢᠯᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠰ ᠬᠤᠷᠢᠭᠯᠠᠨ᠎ᠠ  ᠃ ᠡᠭᠦᠨ ᠤ ᠬᠠᠮᠲᠤ ᠮᠠᠯ ᠪᠡᠯᠴᠢᠭᠡᠷ ᠤᠨ ᠲᠡᠩᠴᠡᠭᠦᠷᠢ ᠲᠠᠢ ᠪᠠᠶᠢᠯᠭᠠᠬᠤ ᠲᠦᠷᠢᠮ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠬᠤ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ  ᠃      ᠬᠤᠶᠠᠷ᠂ ᠬᠥᠲᠥᠯᠥᠨ ᠵᠢᠯᠣᠭᠤᠳᠬᠤ ᠶᠢ ᠠᠳᠬᠤᠬᠤ — ᠤᠬᠠᠭᠤᠯᠭ᠎ᠠ ᠬᠥᠮᠦᠵᠢᠯ ᠢ ᠴᠢᠩᠭᠠᠳᠬᠠᠨ᠂ ᠡᠬᠢ ᠡᠭᠦᠰᠦᠯ ᠠᠴᠠ ᠨᠢ ᠬᠠᠮᠠᠭᠠᠯᠠᠨ ᠪᠠᠬᠢᠵᠢᠭᠦᠯᠬᠦ ᠢ ᠵᠤᠷᠢᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠨᠤᠲᠤᠭ ᠪᠡᠯᠴᠢᠭᠡᠷ ᠤᠨ ᠬᠠᠤᠯᠢ︾  ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾  ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠤᠨ᠂ ᠮᠠᠯᠴᠢᠳ ᠤᠨ ᠨᠤᠲᠤᠭ ᠪᠡᠯᠴᠢᠭᠡᠷ ᠢ ᠬᠠᠶᠢᠷᠠᠯᠠᠬᠤ ᠪᠠ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠤᠬᠠᠮᠰᠠᠷ ᠢ ᠲᠠᠰᠤᠷᠠᠯᠲᠠ ᠥᠬᠡᠶ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠴᠢᠩᠭᠠᠳᠬᠠᠬᠤ ᠣᠯᠠᠨ ᠲᠦᠮᠡᠨ ᠤ ᠰᠠᠭᠤᠷᠢ ᠶᠢ ᠪᠠᠬᠢᠵᠢᠭᠦᠯᠦᠨ᠂ ᠬᠠᠤᠯᠢ ᠬᠡᠷᠡᠭᠵᠢᠭᠦᠯᠬᠦ ᠡᠩᠨᠡᠭᠡ ᠬᠢᠭᠡᠳ ᠮᠠᠯᠵᠢᠬᠤ ᠡᠷᠦᠬᠡ ᠶᠢ ᠤᠶᠠᠯᠳᠤᠭᠤᠯᠤᠭᠰᠠᠨ ᠬᠤᠯᠪᠣᠭᠠᠯᠠᠨ ᠬᠥᠳᠡᠯᠦᠯᠴᠡᠬᠦ ᠲᠣᠭᠲᠠᠴᠠ  ᠶᠢ ᠪᠣᠶ ᠪᠣᠯᠭᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠦᠨᠡᠨᠬᠦ ᠪᠡᠶᠡᠯᠡᠭᠦᠯᠦᠨ᠎ᠡ  ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号