ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠬᠤ ᠳᠤᠭᠤᠶᠢᠯᠠᠩ ᠠᠯᠲᠠᠨᠬᠢᠯᠢ ᠰᠤᠮᠤᠨ ᠳᠤ ᠭᠦᠨᠵᠡᠭᠡᠶᠢᠷᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/10/21
      10 ᠰᠠᠷ᠎ᠠ ᠶᠢᠨ 19 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠠᠢ ᠪᠣᠤ ᠨᠦᠬᠦᠷ ᠠᠯᠲᠠᠨᠬᠢᠯᠢ ᠰᠤᠮᠤᠨ ᠳᠤ ᠭᠦᠨᠵᠡᠭᠡᠶᠢᠷᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠶᠢᠴᠠᠭᠠᠪᠠ᠃
     ᠪᠠᠶᠢᠴᠠᠭᠠᠬᠤ ᠳᠤᠭᠤᠶᠢᠯᠠᠩ ᠨᠢ ᠬᠠᠷᠢᠭᠤ ᠮᠡᠳᠡᠭᠦᠯᠦᠯᠲᠡ ᠶᠢ ᠰᠣᠨᠤᠰᠴᠦ᠂  ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ ᠮᠠᠨ ᠤ ᠰᠤᠮᠤ ᠶᠢᠨ ᠠᠷᠠᠳ ᠤᠨ ᠲᠥᠯᠥᠭᠡᠯᠡᠭᠴᠢᠳ ᠤᠨ  ᠶᠡᠭᠡ ᠬᠤᠷᠠᠯ ᠤᠨ ᠡᠯ᠎ᠡ ᠵᠦᠶᠯ ᠤᠨ ᠠᠵᠢᠯ ᠢ ᠦᠷᠨᠢᠭᠦᠯᠦᠭᠰᠡᠨ ᠤᠨ ᠪᠠᠶᠢᠳᠠᠯ ᠪᠠ ᠲᠠᠷᠠᠭᠠᠴᠢ ᠶᠢᠨ ᠠᠵᠢᠯ ᠤᠨ ᠲᠦᠰᠦᠪ ᠢ ᠪᠥᠬᠦ ᠲᠠᠯ᠎ᠠ ᠪᠠᠷ ᠣᠶᠢᠯᠠᠭᠠᠭᠰᠠᠨ ᠪᠥᠭᠡᠳ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠵᠠᠰᠠᠭ ᠤᠨ ᠤᠷᠳᠤᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠪᠣᠳᠠᠲᠠᠶ ᠵᠢᠯᠣᠭᠤᠳᠣᠯᠭ᠎ᠠ ᠬᠢᠪᠠ  ᠃
     ᠪᠠᠶᠢᠴᠠᠭᠠᠬᠤ ᠳᠤᠭᠤᠶᠢᠯᠠᠩ ᠠᠴᠠ ᠨᠢᠭᠡ ᠳᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠠᠷᠠᠳ ᠤᠨ ᠲᠥᠯᠥᠭᠡᠯᠡᠭᠴᠢᠳ ᠤᠨ ᠪᠢᠯᠧᠲ ᠢᠶᠠᠷ ᠰᠢᠶᠳᠪᠦᠷᠢ ᠭᠠᠷᠭᠠᠬᠤ ᠲᠦᠷᠢᠮ ᠤᠨ ᠠᠵᠢᠯ ᠢ ᠦᠷᠭᠦᠯᠵᠢᠯᠡᠨ ᠰᠠᠶᠢᠲᠤᠷ ᠦᠷᠨᠢᠭᠦᠯᠦᠨ᠂  ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠣᠯᠠᠨ ᠲᠦᠮᠡᠨ ᠤ ᠰᠠᠨᠠᠯ ᠱᠠᠭᠠᠷᠳᠠᠯᠭ᠎ᠠ ᠶᠢ ᠬᠤᠷᠢᠶᠠᠨ ᠴᠤᠭᠯᠠᠭᠤᠯᠤᠨ ᠬᠠᠷᠢᠭᠤ ᠲᠤᠰᠬᠠᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠬᠡᠷᠡᠭᠵᠢᠭᠦᠯᠦᠯᠲᠡ ᠳᠠᠬᠢ ᠬᠢᠨᠠᠯᠲᠠ ᠪᠠᠨ ᠴᠢᠩᠭᠠᠳᠬᠠᠬᠤ ᠬᠡᠷᠡᠭᠳᠠᠢ᠃ ᠬᠤᠶᠠᠷ ᠲᠤ᠂ ︽ᠲᠠᠯ᠎ᠠ ᠨᠤᠲᠤᠭ ᠤᠨ ᠲᠦᠯᠦᠭᠡᠯᠡᠭᠴᠢ ᠶᠢᠨ ᠦᠷᠦᠭᠡ︾   ᠤᠨ ᠬᠠᠲᠠᠭᠤ ᠵᠥᠭᠡᠯᠡᠨ ᠲᠣᠨᠤᠭ ᠲᠥᠬᠦᠭᠡᠷᠦᠮᠵᠢ ᠶᠢ ᠳᠦᠷᠢᠮᠵᠢᠭᠦᠯᠦᠨ ᠪᠠᠶᠢᠭᠤᠯᠵᠤ᠂ ᠠᠵᠢᠯ ᠤᠨ ᠳᠦᠷᠢᠮ ᠢ ᠲᠡᠭᠦᠯᠲᠡᠷᠵᠢᠭᠦᠯᠦᠨ᠂ ︽ᠲᠠᠯ᠎ᠠ ᠨᠤᠲᠤᠭ ᠤᠨ ᠲᠥᠯᠥᠭᠡᠯᠡᠭᠴᠢᠳ ᠤᠨ ᠦᠷᠦᠭᠡ  ︾ ᠲᠤ ᠲᠦᠰᠢᠭᠯᠡᠨ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠵᠢᠴᠢ ᠨᠠᠮ ᠤᠨ ᠲᠡᠦᠬᠡ ᠶᠢᠨ ᠬᠥᠮᠦᠵᠢᠯ ᠢ ᠬᠦᠳᠡᠯᠭᠡᠭᠡᠨ ᠢ  ᠤᠯᠠᠨᠳᠠ ᠦᠷᠨᠢᠭᠦᠯᠦᠨ᠎ᠠ᠃ ᠭᠤᠷᠪᠠ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠠᠷᠠᠯᠲᠠ ᠡᠭᠦᠷᠭᠡ᠂  ᠠᠯᠬᠤᠮ ᠳᠠᠷᠠᠭ᠎ᠠ ᠪᠣᠯᠤᠨ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ᠂ ᠰᠣᠩᠭᠤᠭᠤᠯᠢ ᠶᠢᠨ ᠠᠷᠠᠳ ᠢ ᠳᠡᠩᠰᠡᠯᠡᠨ ᠲᠡᠮᠳᠡᠭᠯᠡᠬᠦ ᠂ ᠰᠣᠩᠭᠤᠭᠤᠯᠢ ᠶᠢᠨ ᠲᠣᠭᠤᠷᠢᠭ ᠢ ᠬᠤᠪᠢᠶᠠᠷᠢᠯᠠᠬᠤ᠂ ᠲᠥᠯᠥᠭᠡᠯᠡᠭᠴᠢᠳ ᠤᠨ ᠣᠷᠣᠨ ᠲᠤᠭ᠎ᠠ ᠶᠢ ᠲᠤᠭᠳᠠᠭᠠᠬᠤ᠂ ᠫᠢᠶᠣᠣ ᠦᠭᠴᠤ ᠰᠣᠩᠭᠤᠭᠤᠯᠢ ᠶᠠᠪᠤᠭᠤᠯᠬᠤ ᠵᠡᠷᠭᠡ ᠰᠣᠩᠭᠤᠭᠤᠯᠢ ᠶᠢᠨ ᠠᠵᠢᠯ ᠤᠨ ᠡᠯ᠎ᠡ ᠭᠤᠭᠴᠤᠭ᠎ᠠ ᠶᠢ ᠨᠠᠷᠢᠨ ᠬᠢᠨᠠᠮᠠᠭᠠᠢ ᠪᠠᠶᠢᠷᠯᠠᠭᠤᠯᠬᠤ ᠶᠢᠨ  ᠬᠠᠮᠲᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭᠠᠯᠠᠵᠤ᠂ ᠪᠦᠬᠦ ᠰᠣᠮᠣᠨ ᠤ ᠰᠤᠩᠭᠤᠭᠤᠯᠢ ᠶᠢᠨ ᠠᠵᠢᠯ ᠲᠡᠬᠦᠰ ᠠᠮᠵᠢᠯᠳᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠠᠢ  ᠭᠡᠵᠦ  ᠴᠢᠬᠤᠯᠠᠴᠢᠯᠠᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号