ᠡᠵᠢᠨᠠᠭᠤᠷ ᠪᠠᠯᠭᠠᠰᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠵᠢᠨ‌ᠭᠠᠷᠠᠭ ᠤᠨ ᠰᠢᠷᠢᠰ ᠬᠦᠳᠡᠯᠬᠡᠬᠡᠨ ᠦᠷᠨᠢᠭᠦᠯᠪᠡ
ᠨᠡᠶᠢᠲᠡᠯᠡᠭᠰᠡᠨ ᠴᠠᠭ᠄
2021/10/21
      ᠰᠦᠯᠵᠢᠶ᠎ᠡ ᠳᠡᠯᠡᠬᠡᠶ ᠶᠢᠷᠲᠢᠨᠴᠦ ᠶᠢ ᠪᠦᠷᠬᠦᠵᠦ᠂ ᠠᠮᠤᠷ ᠲᠦᠪᠰᠢᠨ ᠳᠤ ᠵᠠᠭᠠᠭ ᠬᠢᠵᠠᠭᠠᠷ ᠭᠡᠵᠦ ᠪᠠᠶᠢᠬᠤ ᠦᠭᠡᠢ᠃ 2021 ᠣᠨ ᠤ 10 ᠰᠠᠷ᠎ᠠ ᠶᠢᠨ 11 — 10 ᠰᠠᠷ᠎ᠠ ᠶᠢᠨ 17 ᠤ ᠡᠳᠦᠷ ᠪᠣᠯ ᠨᠠᠢᠮᠠᠳᠤᠭᠠᠷ ᠬᠤᠭᠤᠴᠠᠭᠠᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠵᠢᠨ‌ᠭᠠᠷᠠᠭ  ᠂ ︽ᠰᠦᠯᠵᠢᠶᠡᠨ ᠤ ᠠᠮᠤᠷ ᠲᠦᠪᠰᠢᠨ   ᠠᠷᠠᠳ ᠲᠦᠮᠡᠨ  ᠤ ᠲᠦᠯᠦᠬᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ︾᠂ ᠠᠷᠠᠳ ᠤᠯᠠᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ  ᠴᠢᠩᠭᠠᠳᠬᠠᠵᠤ᠂ ᠰᠦᠯᠵᠢᠶᠡᠨ ᠤ  ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠦᠯᠵᠢᠶᠡᠨ ᠤ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ  ᠡᠵᠢᠨᠠᠭᠤᠷ ᠪᠠᠯᠭᠠᠰᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃      ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠤᠷᠢᠶᠠᠯᠠᠨ ᠬᠥᠲᠥᠯᠦᠨ ᠵᠢᠯᠣᠭᠤᠳᠤᠨ᠎ᠠ᠃ 10 ᠰᠠᠷ᠎ᠠ ᠶᠢᠨ 11 ᠤ ᠡᠳᠦᠷ᠂  ᠡᠵᠢᠨᠠᠭᠤᠷ ᠪᠠᠯᠭᠠᠰᠤ ︽ ᠰᠦᠯᠵᠢᠶᠡᠨ ᠤ ᠠᠮᠤᠷ ᠲᠦᠪᠰᠢᠨ  ᠠᠷᠠᠳ ᠲᠦᠮᠡᠨ  ᠤ ᠲᠦᠯᠦᠬᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ︾ ᠭᠡᠬᠦ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠠ᠃ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠭᠡᠰᠢᠭᠦᠨ᠂ ᠪᠦᠬᠦ ᠪᠠᠯᠭᠠᠰᠤᠨ ᠤ ᠺᠠᠳ᠋ᠷ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠶᠢᠨ ᠨᠠᠮ ᠤᠨ ᠡᠭᠦᠷ ᠤᠨ ᠱᠦᠵᠢ᠂ ᠭᠠᠴᠠᠭᠠᠨ ᠤ ᠳᠠᠷᠤᠭ᠎ᠠ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠭᠰᠠᠨ ᠪᠥᠭᠡᠳ ᠰᠦᠯᠵᠢᠶᠡᠨ ᠤ ᠠᠮᠤᠷ ᠲᠦᠪᠰᠢᠨ ᠤ  ᠲᠤᠬᠠᠢ ᠪᠢᠴᠢᠯ ᠹᠢᠯᠢᠮ ᠰᠤᠨᠢᠷᠬᠠᠵᠤ᠂ ᠤᠯᠠᠨ ᠢᠶᠠᠷ ᠢᠶᠠᠨ ᠰᠦᠯᠵᠢᠶᠡᠨ ᠤ ᠠᠮᠤᠷ ᠲᠦᠪᠰᠢᠨ ᠢ ᠨᠡᠩ ᠴᠢᠬᠤᠯᠠᠴᠢᠯᠠᠵᠤ᠂ ᠰᠦᠯᠵᠢᠶᠡᠨ ᠤ ᠠᠮᠤᠷ ᠲᠦᠪᠰᠢᠨ ᠤ ᠴᠢᠬᠤᠯᠠ ᠴᠢᠨᠠᠷ ᠪᠣᠯᠤᠨ ᠬᠤᠯᠪᠣᠭᠳᠠᠯ ᠪᠦᠬᠦᠢ ᠮᠡᠳᠡᠯᠭᠡ ᠶᠢ ᠨᠡᠩ ᠢᠯᠡᠭᠦᠦ ᠣᠶᠢᠯᠠᠭᠠᠬᠤ ᠶᠢ ᠤᠷᠢᠶᠠᠯᠠᠪᠠ᠃      ᠤᠬᠠᠭᠤᠯᠭ᠎ᠠ ᠪᠠᠨ ᠴᠢᠩᠭᠠᠳᠬᠠᠵᠤ᠂ ᠢᠳᠡᠪᠬᠢᠲᠡᠶ ᠪᠠᠷ ᠳᠠᠶᠢᠴᠢᠯᠠᠬᠤ ᠬᠡᠷᠡᠭᠲᠡᠶ᠃ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠶᠠᠪᠤᠭᠳᠠᠵᠤ ᠪᠠᠶᠢᠭ᠎ᠠ ᠲᠠᠰᠢᠷᠠᠮ ᠳᠤ᠂ ᠡᠵᠢᠨᠠᠬᠤᠷ ᠪᠠᠯᠭᠠᠰᠤ ᠨᠢᠭᠡ ᠳ᠋ᠤ᠋‌‍ᠸᠢᠴᠠᠲ ᠤᠨ ᠤᠬᠠᠭᠤᠯᠭ᠎ᠠ ᠶᠢᠨ ᠲᠠᠪᠴᠠᠩ ᠢᠶᠠᠷ ᠳᠠᠮᠵᠢᠭᠤᠯᠤᠨ᠂ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠸᠢᠴᠠᠲ ᠤᠨ ᠬᠤᠯᠪᠤᠭᠠᠨ ᠳᠤ ᠰᠦᠯᠵᠢᠶᠡᠨ ᠤ ᠠᠮᠤᠷ ᠲᠦᠪᠰᠢᠨ ᠤ ᠶᠡᠷᠤ ᠶᠢᠨ ᠮᠡᠳᠡᠯᠬᠡ ᠶᠢ  ᠳᠠᠮᠵᠢᠭᠤᠯᠪᠠ᠃ ᠬᠤᠶᠠᠷ ᠲᠤ ᠪᠠᠯᠭᠠᠰᠤᠨ ᠤ LED ᠳᠡᠯᠭᠡᠴᠡ ᠳᠡᠭᠡᠷ᠎ᠡ ᠰᠦᠯᠵᠢᠶᠡᠨ ᠤ ᠠᠮᠤᠷ ᠲᠦᠪᠰᠢᠨ ᠤ ᠤᠷᠢᠶ᠎ᠠ ᠶᠢ ᠡᠭᠡᠯᠵᠢᠯᠡᠨ ᠨᠡᠪᠲᠡᠷᠡᠭᠦᠯᠬᠦ᠂ ᠭᠤᠣᠯ ᠵᠠᠮ ᠤᠨ ᠬᠡᠰᠡᠭ ᠲᠤ ᠤᠬᠠᠭᠤᠯᠭ᠎ᠠ ᠶᠢᠨ ᠤᠷᠢᠶ᠎ᠠ ᠢ ᠡᠯᠭᠦᠬᠦ᠂ ᠴᠢᠬᠤᠯᠠ ᠪᠠᠶᠢᠷᠢᠨ ᠳᠤ ᠵᠠᠷᠯᠠᠯ ᠨᠠᠭᠠᠬᠤ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ  ᠤ ᠰᠦᠯᠵᠢᠶᠡᠨ ᠤ ᠠᠮᠤᠷ ᠲᠦᠪᠰᠢᠨ ᠤ ᠲᠤᠬᠠᠢ  ᠦᠢᠯᠭᠠᠯᠲᠠ ᠶᠢ ᠳᠡᠬᠡᠭᠰᠢᠯᠡᠬᠦᠯᠦᠨ᠂ ᠡᠭᠦᠨ ᠤ ᠤᠯᠠᠮ ᠠᠴᠠ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠪᠦᠬᠦ ᠪᠠᠯᠭᠠᠰᠤᠨ ᠤ ᠬᠡᠪᠴᠢᠶᠡᠨ ᠳᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠨ᠎ᠠ᠃      ᠠᠶᠢᠯ ᠡᠷᠦᠬᠡ ᠳᠤ ᠬᠦᠷᠴᠦ᠂ ᠮᠡᠳᠡᠯᠭᠡ ᠪᠠᠨ ᠲᠦᠭᠡᠮᠡᠯᠵᠢᠭᠦᠯᠦᠨ᠎ᠡ᠃ ᠠᠵᠢᠯᠲᠠᠳ ᠢ ᠵᠣᠬᠢᠶᠠᠨ ᠪᠠᠶᠢᠭᠤᠯᠤᠨ ᠭᠠᠴᠠᠭ᠎ᠠ᠂ ᠨᠡᠶᠢᠭᠡᠮ ᠲᠣᠭᠤᠷᠢᠭ ᠲᠤ ᠠᠶᠢᠯ ᠡᠷᠦᠬᠡ ᠪᠠᠷ ᠰᠤᠷᠪᠤᠯᠵᠢᠯᠠᠬᠤ ᠶᠢᠨ ᠬᠠᠮᠲᠤ ᠵᠡᠭᠡᠯᠢ ᠳᠠᠭᠠᠤ ᠶᠢᠨ ᠬᠡᠰᠡᠭ ᠳᠡᠯᠭᠡᠭᠦᠷ ᠲᠤ ᠭᠦᠨᠵᠡᠭᠡᠶᠢᠷᠡᠨ᠂ ᠲᠤᠬᠠᠶ ᠶᠢᠨ ᠭᠠᠵᠠᠷ ᠲᠤᠨᠢ ᠤᠬᠠᠭᠤᠯᠭ᠎ᠠ ᠬᠢᠵᠦ᠂ ᠮᠠᠯᠴᠢᠳ ᠲᠤ ᠤᠬᠠᠭᠤᠯᠭ᠎ᠠ ᠶᠢᠨ ᠳᠡᠪᠲᠡᠷ ᠲᠠᠷᠬᠠᠭᠠᠭᠰᠠᠨ ᠪᠥᠭᠡᠳ ᠲᠤᠬᠠᠶ ᠶᠢᠨ ᠲᠠᠯᠠᠪᠤᠷ ᠲᠤᠨᠢ ᠮᠠᠯᠴᠢᠳ ᠲᠤ ᠰᠦᠯᠵᠢᠶᠡᠨ ᠤ ᠠᠮᠤᠷ ᠲᠦᠪᠰᠢᠨ ᠤ ᠲᠤᠬᠠᠶ ᠮᠡᠳᠡᠯᠭᠡ ᠶᠢ ᠲᠠᠶᠢᠯᠪᠤᠷᠢᠯᠠᠨ ᠥᠭᠴᠦ᠂ ᠰᠦᠯᠵᠢᠶᠡᠨ ᠤ ᠠᠮᠤᠷ ᠲᠦᠪᠰᠢᠨ ᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠮᠠᠯᠴᠢᠳ ᠢ ᠤᠷᠢᠶᠠᠯᠠᠨ ᠪᠣᠯᠪᠠᠰᠤᠨ ᠢᠶᠠᠷ ᠰᠦᠯᠵᠢᠶᠡᠨ ᠳᠤ  ᠭᠠᠷᠴᠦ᠂ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠥᠬᠡᠶ ᠪᠠᠶᠢᠬᠤ ᠵᠡᠷᠭᠡ ᠮᠡᠳᠡᠯᠭᠡ ᠶᠢ ᠰᠠᠶᠢᠲᠤᠷ ᠬᠠᠮᠠᠭᠠᠯᠠᠵᠤ᠂ ᠰᠡᠷᠭᠡᠶᠢᠯᠡᠯᠲᠡ ᠶᠢ ᠴᠢᠩᠭᠠᠳᠬᠠᠬᠤ ᠬᠡᠷᠡᠭᠲᠡᠶ ᠭᠡᠵᠡᠶ᠃      ᠲᠤᠰ ᠤᠳᠠᠭ᠎ᠠ ᠶᠢᠨ ᠠᠵᠢᠯᠯᠠᠭ᠎ᠠ ᠳᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠳᠡᠪᠲᠡᠷ ᠢ 70 ᠭᠠᠷᠤᠢ ᠳᠡᠪᠲᠡᠷ ᠲᠠᠷᠬᠠᠭᠠᠵᠤ᠂ ᠡᠯ᠎ᠡ ᠲᠦᠷᠦᠯ ᠤᠨ ᠤᠬᠠᠭᠤᠯᠭ᠎ᠠ ᠶᠢᠨ ᠮᠠᠲ᠋ᠧᠷᠢᠶᠠᠯ ᠢ 300 ᠭᠠᠷᠤᠢ ᠲᠠᠷᠬᠠᠭᠠᠵᠠᠢ᠃ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂  ᠠᠷᠠᠳ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠮᠰᠠᠷ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠤᠰ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ᠂ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号