ᠤᠯᠢᠶᠠᠰᠤᠲᠠᠢ ᠪᠠᠯᠭᠠᠰᠤᠨ ᠤ ᠬᠦᠪᠴᠢᠨ ᠨᠡᠶᠢᠭᠡᠮ ᠲᠣᠭᠤᠷᠢᠭ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠮᠡᠳᠤ᠂  ᠬᠠᠷᠢᠯᠴᠠᠨ ᠬᠠᠪᠰᠤᠷᠤᠯᠴᠠᠵᠤ ᠬᠡᠤᠬᠡᠳ ᠤᠨ ᠰᠡᠳᠬᠢᠯ ᠳᠤ ᠬᠠᠳᠠᠩᠰᠢᠭᠤᠯᠤᠶ᠎ᠠ︾ ᠭᠡᠬᠦ ᠭᠤᠤᠯ ᠰᠡᠳᠦᠪᠲᠦ ᠵᠢᠷᠤᠭ ᠤᠨ  ᠬᠦᠳᠡᠯᠭᠡᠭᠡᠨ ᠦᠷᠨᠢᠭᠦᠯᠪᠠ
ᠨᠡᠶᠢᠲᠡᠯᠡᠭᠰᠡᠨ ᠴᠠᠭ᠄
2021/10/21
     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠳᠡᠯᠭᠡᠭᠡᠨ ᠢ ᠦᠷᠨᠢᠭᠦᠯᠵᠦ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠶ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠠᠭᠤᠰᠤᠯᠴᠠᠯ ᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 38 ᠳ᠋ᠤᠭᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠰᠠᠷ᠎ᠠ ᠶᠢᠨ ᠲᠠᠰᠢᠷᠠᠮ ᠢᠶᠠᠷ᠂ ᠤᠯᠢᠶᠠᠰᠤᠲᠠᠢ ᠪᠠᠯᠭᠠᠰᠤᠨ ᠤ  ᠬᠦᠪᠴᠢᠨ ᠨᠡᠶᠢᠭᠡᠮ ᠲᠣᠭᠤᠷᠢᠭ ᠤᠨ ᠬᠠᠨᠠᠨ ᠵᠢᠷᠤᠭ ᠤᠨ ᠦᠷᠦᠬᠡ ᠲᠠᠢ ᠬᠠᠮᠲᠤᠷᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ — ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠮᠠᠳᠣ  ᠬᠠᠷᠢᠯᠴᠠᠨ ᠬᠠᠪᠰᠤᠷᠤᠯᠴᠠᠵᠤ ᠬᠡᠤᠬᠡᠳ ᠤᠨ ᠰᠡᠳᠬᠢᠯ ᠳᠤ ᠬᠠᠳᠠᠩᠰᠢᠭᠤᠯᠤᠶ᠎ᠠ︾ ᠭᠤᠣᠯ ᠰᠡᠳᠦᠪᠲᠦ ᠵᠢᠷᠤᠭ ᠤᠨ ᠠᠵᠢᠯᠯᠠᠭ᠎ᠠ ᠶᠢ ᠥᠷᠨᠢᠭᠦᠯᠵᠡᠢ᠃      ᠵᠢᠷᠤᠭ ᠤᠨ ᠥᠷᠥᠭᠡᠨ ᠳᠤ ᠠᠳᠠᠯᠢ ᠪᠤᠰᠤ ᠨᠠᠰᠤᠨ ᠤ ᠬᠡᠦᠬᠡᠳ ᠤᠳ ᠲᠦᠷᠰᠣᠯᠡᠨ ᠪᠣᠳᠣᠯᠲᠠ ᠪᠠ ᠡᠭᠦᠳᠦᠨ ᠪᠦᠲᠦᠭᠡᠬᠦ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠬᠠᠮᠢᠶ᠎ᠡ ᠪᠦᠬᠦᠢ ᠰᠠᠶᠢᠨ ᠰᠠᠶᠢᠬᠠᠨ ᠵᠢᠷᠤᠭ ᠢ ᠵᠢᠷᠣᠭᠯᠠᠵᠣ᠂ ᠲᠤᠬᠠᠶ ᠶᠢᠨ ᠲᠠᠯᠠᠪᠠᠶ ᠶᠢᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ ᠨᠡᠶᠢᠭᠡᠮ ᠲᠣᠭᠤᠷᠢᠭ ᠨᠢ ᠲᠤᠬᠠᠶ ᠶᠢᠨ ᠲᠠᠯᠠᠪᠠᠶ ᠪᠠ ᠰᠦᠯᠵᠢᠶᠡᠨ ᠳᠡᠭᠡᠷ᠎ᠡ ᠪᠢᠯᠧᠲ ᠥᠭᠬᠦ ᠬᠡᠯᠪᠡᠷᠢ ᠪᠠᠷ ︽ᠬᠠᠮᠤᠭ ᠤᠨ ᠰᠢᠯᠢᠳᠡᠭ ᠪᠦᠲᠦᠭᠡᠯ ᠤᠨ ᠱᠠᠩᠨᠠᠯ︾ ᠪᠠ ︽ᠣᠯᠠᠨ ᠤ ᠬᠦᠷᠢᠶᠡᠯᠡᠯ ᠢ ᠣᠯᠤᠭᠰᠠᠨ ᠱᠠᠩᠨᠠᠯ︾ ᠤᠨ ᠲᠦᠷᠦᠭᠦᠤ ᠭᠤᠷᠪᠠ  ᠶᠢ ᠵᠢᠭᠰᠠᠭᠠᠵᠣ᠂ ᠱᠠᠩᠨᠠᠯ ᠤᠨ ᠪᠣᠳᠠᠰ ᠢ ᠭᠠᠷᠳᠠᠭᠤᠯᠣᠭᠰᠠᠨ ᠪᠠᠶᠢᠨ᠎ᠠ᠃      ᠲᠣᠰ ᠤᠳᠠᠭᠠᠨ ᠤ ᠬᠦᠳᠡᠯᠭᠡᠭᠡᠨ ᠨᠢ ᠪᠠᠭᠠᠴᠤᠳ ᠬᠡᠤᠬᠡᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠰᠡᠳᠬᠢᠯᠭᠡ ᠶᠢ ᠨᠢ ᠬᠥᠭᠵᠢᠭᠡᠭᠰᠡᠨ ᠪᠠᠶᠢᠨ᠎ᠠ᠃ ᠪᠠᠭᠠᠴᠤᠳ ᠬᠡᠦᠬᠡᠳ ᠢ ᠬᠠᠷᠠᠬᠠᠨ ᠪᠠᠭ᠎ᠠ ᠠᠴᠠ ᠨᠢ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠨᠥᠯᠥᠭᠡᠯᠡᠬᠦ ᠬᠦᠴᠦᠨ ᠪᠠ ᠤᠷᠢᠶᠠᠯᠠᠬᠤ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号