ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠣᠯᠠᠨ ᠠᠷᠭ᠎ᠠ ᠬᠡᠮᠵᠢᠶ᠎ᠡ ᠠᠪᠴᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/10/22
     ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠬᠠᠮᠢᠶ᠎ᠠ ᠪᠥᠬᠦᠶ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂  ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ  ᠨᠢ ᠤᠯᠤᠰ ᠲᠥᠷᠥ ᠶᠢᠨ ᠬᠥᠮᠦᠵᠢᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠶᠢ ᠴᠢᠩᠳᠠᠯᠠᠬᠤ︾ ᠶᠡᠷᠦᠩᠬᠡᠶ ᠱᠠᠭᠠᠷᠳᠠᠯᠭ᠎ᠠ ᠶᠢ ᠦᠨᠡᠨᠴᠢ ᠰᠢᠳᠤᠷᠭᠤ  ᠪᠠᠷ  ᠦᠢᠯᠡᠳᠦᠯᠭᠡᠵᠢᠭᠦᠯᠵᠦ᠂ ᠤᠯᠤᠰ ᠲᠥᠷᠥ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠪᠠᠶᠢᠬᠤ ᠶᠢ ᠪᠠᠬᠢᠵᠢᠭᠦᠯᠦᠨ᠂ ︽ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ︾ ᠣᠨᠣᠯᠵᠢᠬᠤᠨ ᠢ ᠪᠣᠶ ᠪᠤᠯᠭᠠᠵᠤ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡᠨ ᠤ ᠬᠠᠤᠯᠢ ᠪᠠᠷ ᠵᠠᠰᠠᠬᠤ ᠦᠵᠡᠯ ᠤᠬᠠᠮᠰᠠᠷ ᠪᠣᠯᠤᠨ ᠠᠷᠠᠳ ᠲᠦᠮᠡᠨ ᠳᠤ ᠦᠢᠯᠡᠴᠢᠯᠡᠬᠦ ᠦᠵᠡᠯ ᠤᠬᠠᠮᠰᠠᠷ ᠢ ᠦᠨᠡᠨᠬᠦ  ᠪᠠᠬᠢᠵᠢᠭᠦᠯᠦᠭᠰᠡᠨ ᠪᠠᠶᠢᠨ᠎ᠠ᠃      ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯᠯᠠᠭ᠎ᠠ ᠨᠢ ᠭᠤᠤᠯᠳᠠᠭᠤ 23 ᠵᠦᠢᠯ  ᠤᠨ ᠭᠤᠤᠯᠳᠠᠯᠭ᠎ᠠ ᠲᠠᠢ ᠠᠰᠠᠭᠤᠳᠠᠯ ᠤᠨ ᠲᠣᠭᠤᠷᠢᠨ ᠳᠤ ᠴᠡᠭᠴᠡᠯᠡᠨ ᠰᠠᠶᠢᠵᠢᠷᠠᠭᠤᠯᠵᠤ᠂ ᠡᠭᠦᠷᠭᠡ ᠭᠦᠢᠴᠡᠳᠭᠡᠵᠦ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠡᠭᠦᠷᠭᠡ ᠭᠦᠢᠴᠡᠳᠭᠡᠵᠦ ᠬᠠᠤᠯᠢ ᠬᠡᠷᠡᠭᠵᠢᠭᠦᠯᠬᠦ ᠳᠤᠮᠳᠠ᠂ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠶᠢ ᠲᠣᠭᠲᠠᠭᠠᠯ ᠶᠣᠰᠣᠭᠠᠷ ᠬᠠᠤᠯᠢ ᠬᠡᠷᠡᠭᠵᠢᠭᠦᠯᠬᠦ ᠲᠡᠮᠳᠡᠭᠯᠡᠭᠦᠷ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠵᠡᠷᠭᠡ ᠶᠢ ᠵᠡᠭᠦᠵᠦ᠂ ︽ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠷᠪᠠᠨ ᠲᠠᠪᠤᠨ ᠵᠦᠢᠯ ᠤᠨ ᠬᠦᠩᠭᠡᠨ ᠦᠢᠯᠡ ᠠᠵᠢᠯᠯᠠᠭ᠎ᠠ ᠶᠢ ᠰᠢᠢᠳᠬᠡᠬᠦ ᠥᠬᠡᠶ︾᠂ ︽ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠷᠪᠠᠨ ᠵᠦᠢᠯ  ᠤᠨ ᠡᠩ  ᠤᠨ ᠦᠢᠯᠡ ᠠᠵᠢᠯᠯᠠᠭ᠎ᠠ ᠶᠢ ᠠᠩᠬ᠎ᠠ ᠤᠳᠠᠭ᠎ᠠ ᠵᠦᠷᠢᠴᠡᠪᠡᠯ᠂ ᠵᠥᠪᠬᠡᠨ ᠳᠤᠩᠭᠤᠳᠴᠤ᠂ ᠵᠣᠭᠤᠰ ᠢᠶᠠᠷ ᠲᠣᠷᠭᠠᠬᠤ ᠥᠬᠡᠶ᠂ ᠬᠤᠪᠢ ᠲᠡᠮᠳᠡᠭᠯᠡᠬᠦ ᠥᠬᠡᠶ︾᠂ ︽ᠠᠷᠪᠠᠨ ᠮᠢᠨᠦ᠋ᠲ ᠤᠨ ᠳᠣᠲᠣᠷ᠎ᠠ ᠳᠦᠷᠢᠮ ᠵᠥᠷᠢᠴᠡᠨ ᠲᠡᠷᠭᠡ ᠵᠤᠭᠰᠣᠭᠠᠪᠠᠯ ᠰᠢᠢᠳᠬᠡᠯ ᠠᠴᠠ ᠭᠡᠯᠳᠦᠷᠢᠭᠦᠯᠬᠦ︾ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ  ᠶᠢ ᠱᠠᠭᠠᠷᠳᠠᠪᠠ᠃ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠲᠤᠬᠠᠶᠢᠯᠠᠭᠰᠠᠨ ᠠᠵᠢᠯ ᠤᠨ ᠴᠣᠩᠬᠤᠪᠴᠢ ᠳᠤ᠂ ᠴᠣᠩᠬᠤᠪᠴᠢ ᠶᠢᠨ ᠠᠷᠠᠳ ᠤᠨ ᠴᠠᠭᠳᠠᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ︽ᠵᠠᠰᠠᠭ ᠢ ᠴᠤᠮᠬᠠᠳᠬᠠᠨ ᠬᠠᠮᠢᠶᠠᠷᠤᠯᠲᠠ ᠦᠢᠯᠡᠴᠢᠯᠡᠭᠡ ᠶᠢ ᠤᠶᠠᠯᠳᠣᠭᠤᠯᠬᠤ 72  ᠵᠦᠢᠯ ᠤᠨ ᠮᠠᠰᠢᠨ ᠲᠡᠷᠭᠡᠨ ᠤ ᠵᠢᠯᠣᠭᠤᠴᠢ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ︾ ᠵᠡᠷᠭᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠪᠤᠳᠠᠳᠠᠢ ᠠᠰᠠᠭᠤᠳᠠᠯ  ᠢ ᠰᠢᠢᠳᠪᠦᠷᠢᠯᠡᠬᠦ  ᠶᠢ ᠠᠬᠢᠭᠤᠯᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠡᠭᠦᠨ ᠤ ᠬᠠᠮᠲᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠮᠠᠨ ᠤ ᠬᠤᠰᠢᠭᠤᠨ ᠤ ᠨᠠᠮᠤᠷ ᠤᠨ ᠤᠯᠠᠷᠢᠯ ᠤᠨ ᠵᠠᠮ ᠬᠠᠷᠢᠯᠴᠠᠭᠠᠨ ᠤ ᠣᠨᠴᠠᠯᠢᠭ ᠲᠠᠢ ᠤᠶᠠᠯᠳᠤᠭᠤᠯᠤᠨ᠂ ᠡᠪᠡᠰᠦ  ᠵᠦᠭᠡᠭᠡᠪᠦᠷᠢᠯᠡᠬᠦ ᠲᠡᠷᠭᠡ ᠬᠥᠰᠬᠡ ᠶᠢ ᠴᠢᠩᠭ᠎ᠠ ᠬᠠᠮᠢᠶᠠᠷᠤᠨ ᠡᠵᠡᠮᠳᠡᠵᠦ᠂ ᠬᠡᠲᠦ ᠥᠷᠭᠡᠨ᠂ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠬᠦ᠂ ᠶᠠᠳᠠᠷᠠᠵᠤ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠡᠪᠡᠰᠦ ᠵᠦᠭᠡᠭᠡᠪᠦᠯᠡᠬᠦ ᠲᠡᠷᠭᠡ ᠬᠥᠰᠬᠡ ᠶᠢ ᠦᠳᠡ ᠶᠢᠨ ᠬᠤᠶᠢᠨᠠᠬᠢ 16 ᠴᠠᠭ ᠠᠴᠠ ᠳᠠᠷᠠᠭ᠎ᠠ ᠡᠳᠦᠷ ᠤᠨ 6 ᠴᠠᠭ ᠪᠣᠯᠲᠠᠯ᠎ᠠ‌ᠵᠠᠮ ᠳᠤ ᠭᠠᠷᠬᠤ ᠶᠢ ᠴᠠᠭᠠᠵᠠᠯᠠᠬᠤ ᠲᠣᠭᠲᠠᠭᠠᠯ ᠢ ᠡᠷᠡᠰ ᠬᠡᠷᠡᠭᠵᠢᠭᠦᠯᠪᠡ᠃ ︽ᠠᠮᠢ  ᠨᠠᠰᠦ ᠡᠷᠬᠢᠮ ᠳᠡᠭᠡᠲᠦ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ ᠶᠢ ᠴᠠᠭᠠᠵᠠᠯᠠᠬᠤ︾ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠠᠷᠠᠳ ᠤᠨ ᠴᠠᠭᠳᠠᠭ᠎ᠠ᠂  ᠲᠣᠰᠠᠯᠠᠬᠤ ᠴᠠᠭᠳᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠤᠭᠰᠠᠨ᠂ ᠰᠣᠭᠲᠣᠭᠤ ᠪᠠᠷ ᠲᠡᠷᠭᠡ ᠵᠢᠯᠣᠭᠤᠳᠤᠭᠰᠠᠨ ᠵᠡᠷᠭᠡ ᠬᠦᠨᠳᠦ ᠨᠣᠴᠢᠲᠠᠶ ᠵᠠᠮ ᠬᠠᠷᠢᠯᠴᠠᠭᠠᠨ ᠤ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂  ᠮᠠᠨ ᠤ ᠬᠤᠰᠢᠭᠤᠨ ᠤ ᠬᠠᠷᠢᠶ᠎ᠠ ᠣᠷᠣᠨ ᠤ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠤᠯᠭᠠᠪᠠ᠃      ᠠᠷᠠᠳ ᠤᠨ ᠴᠠᠭᠳᠠᠭ᠎ᠠ᠂ ᠲᠣᠰᠠᠯᠠᠬᠤ ᠴᠠᠭᠳᠠᠭ᠎ᠠ ᠶᠢᠨ ᠡᠭᠦᠷᠭᠡ ᠭᠦᠢᠴᠡᠳᠭᠡᠵᠦ ᠬᠠᠤᠯᠢ ᠬᠡᠷᠡᠭᠵᠢᠭᠦᠯᠬᠦ  ᠶᠢ ᠵᠢᠷᠤᠮᠵᠢᠭᠤᠯᠤᠭᠰᠠᠨ ᠤ ᠬᠠᠮᠲᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠠᠷᠠᠳ ᠤᠨ  ᠴᠠᠭᠳᠠᠭ᠎ᠠ‌‍ᠪᠠ ᠲᠤᠰᠠᠯᠠᠬᠤ ᠴᠠᠭᠳᠠᠭ᠎ᠠ ᠳᠤ ᠲᠣᠭᠲᠠᠭᠠᠯ ᠶᠣᠰᠣᠭᠠᠷ ᠡᠩᠭᠡᠷ ᠤᠨ ᠫᠠᠶᠢᠰᠠ ᠵᠡᠭᠦᠭᠦ ᠶᠢ ᠱᠠᠭᠠᠷᠳᠠᠭᠰᠠᠨ ᠪᠥᠭᠡᠳ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠠᠯᠪᠠᠨ ᠠᠰᠠᠷ ᠤᠨ ᠶᠡᠭᠡ ᠲᠢᠩᠬᠢᠮ᠂ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠲᠤᠬᠠᠶᠢᠯᠠᠭᠰᠠᠨ ᠠᠵᠢᠯ ᠤᠨ ᠶᠡᠭᠡ ᠲᠢᠩᠬᠢᠮ᠂ ᠬᠤᠰᠢᠭᠤᠨ ᠤ ᠡᠮᠦᠨᠡᠬᠢ ᠴᠠᠭᠳᠠᠭᠠᠨ ᠤ ᠶᠠᠪᠤᠳᠠᠯ ᠤᠨ ᠲᠠᠰᠤᠭ ᠲᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠪᠠ ᠰᠠᠨᠠᠯ  ᠤᠨ ᠬᠠᠶᠢᠷᠴᠠᠭ ᠲᠣᠬᠢᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ  ᠬᠢᠨ  ᠤ ᠬᠢᠨᠠᠯᠲᠠ ᠶᠢ ᠴᠢᠩ ᠰᠡᠳᠬᠢᠯ ᠠᠴᠠ ᠪᠠᠨ ᠬᠦᠯᠢᠶᠡᠬᠦ ᠶᠢ ᠵᠤᠷᠢᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号