10 ᠰᠠᠷ᠎ᠠ ᠶᠢᠨ 14 — 16 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠥᠷᠪᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ | ᠰᠢ ᠸᠧᠶ ᠮᠢᠨ ᠨᠡᠷ ᠮᠠᠨ ᠤ ᠬᠤᠰᠢᠭᠤᠨ ᠳᠤ ᠭᠦᠨᠵᠡᠭᠡᠶᠢᠷᠡᠵᠦ ᠲᠣᠭᠤᠷᠢᠨ ᠵᠢᠭᠠᠨ ᠵᠢᠯᠤᠭᠤᠳᠴᠠᠢ᠃ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠰᠢᠭᠤ ᠨᠠᠮ ᠤᠨ ᠬᠤᠷᠢᠶᠠᠨ | ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ | ᠠᠯᠪᠠᠨ ᠭᠡᠷ ᠤᠨ ᠡᠷᠬᠢᠯᠡᠭᠴᠢ ᠰᠠᠷᠠᠭᠤᠯᠲᠤᠶᠠᠭ᠎ᠠ᠂ ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠨᠠᠷ ᠬᠠᠮᠳᠤ | ᠲᠤᠭᠤᠷᠢᠨ ᠵᠢᠯᠤᠭᠤᠳᠴᠠᠢ ᠃ | ᠰᠢ ᠸᠧᠶ ᠮᠢᠨ ᠨᠡᠷ ᠤᠷᠢᠳ ᠬᠤᠵᠢᠳ ᠬᠤᠰᠢᠭᠤ ᠠᠯᠲᠠᠨᠬᠢᠯᠢ ᠰᠤᠮᠤ᠂ ᠠᠷᠠᠳ ᠤᠨ ᠶᠠᠪᠤᠳᠠᠯ ᠤᠨ | ᠲᠣᠪᠴᠢᠶ᠎ᠠ᠂ ᠣᠷᠣᠨ ᠰᠠᠭᠤᠴᠠ ᠬᠢᠭᠡᠳ ᠬᠤᠲᠠ ᠬᠥᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠮᠣᠩᠭᠤᠯ ᠦᠨᠳᠦᠰᠦᠲᠡᠨ ᠤ ᠨᠢᠭᠡᠳᠦᠭᠡᠷ ᠪᠠᠭ᠎ᠠ ᠰᠤᠷᠭᠠᠭᠤᠯᠢ᠂ | ᠮᠠᠨᠳᠤᠬᠤ ᠨᠡᠶᠢᠭᠡᠮ ᠲᠣᠭᠤᠷᠢᠭ᠂ ᠨᠡᠭᠦᠳᠡᠯ ᠬᠤᠯᠪᠣᠭᠠᠨ ᠤ ᠺᠣᠮᠫᠠᠨᠢ ᠵᠡᠷᠭᠡ ᠭᠠᠵᠠᠷ ᠲᠤ ᠭᠦᠨᠵᠡᠭᠡᠶᠢᠷᠡᠵᠦ᠂ ︽ᠠᠶᠠᠨ | ︾ ᠮᠠᠯᠵᠢᠬᠤ ᠣᠷᠣᠨ ᠤ ᠨᠠᠰᠤᠲᠠᠶᠢᠴᠤᠳ ᠤᠨᠠᠰᠠᠷᠠᠮᠵᠢ ᠶᠢᠨ ᠬᠦᠷᠢᠶᠡᠯᠡᠩ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠶᠯ ᠵᠡᠷᠭᠡ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠶᠢ ᠲᠤᠭᠤᠷᠢᠨ ᠦᠵᠡᠵᠦ᠂ ᠬᠠᠷᠢᠭᠤ | ᠮᠡᠳᠡᠭᠦᠯᠦᠯᠲᠡ ᠰᠣᠨᠣᠰᠬᠤ᠂ ᠰᠠᠭᠤᠭᠠᠯᠢ ᠠᠷᠠᠳ ᠤᠨ ᠲᠥᠯᠥᠭᠡᠯᠡᠭᠴᠢ ᠵᠢᠴᠢ ᠨᠠᠮ ᠤᠨ ᠭᠡᠰᠢᠭᠦᠨ ᠺᠠᠳ᠋ᠷ ᠲᠠᠢ | ᠶᠠᠷᠢᠯᠴᠠᠵᠤ ᠰᠠᠨᠠᠯ ᠢᠶᠠᠨ ᠰᠤᠯᠢᠯᠴᠠᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ᠂ ᠭᠠᠵᠠᠷ ᠤᠨ ᠲᠡᠰ ᠠᠴᠠ | ᠳᠡᠭᠡᠭᠰᠢᠬᠢ ᠤᠳᠤᠷᠢᠳᠬᠤ ᠺᠠᠳ᠋ᠷ ᠢ ᠰᠤᠷᠪᠤᠯᠵᠢᠯᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷᠨᠢᠭᠦᠯᠦᠭᠰᠡᠨ ᠪᠠᠶᠢᠳᠠᠯ ᠂ ︽ᠪᠢ ᠣᠯᠠᠨ ᠲᠦᠮᠡᠨ ᠳᠤ ᠪᠣᠳᠠᠲᠤ | ᠶᠠᠪᠤᠳᠠᠯ ᠬᠢᠵᠦ ᠥᠭᠬᠦ︾ ᠦᠶᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠵᠢᠭᠠᠨ ᠵᠢᠯᠤᠭᠤᠳᠴᠠᠢ᠃ | | 10 ᠰᠠᠷ᠎ᠠ ᠶᠢᠨ 16 ᠤ ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠥᠷᠪᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ | ᠲᠠᠪᠤᠳᠤᠭᠠᠷ ᠡᠭᠡᠯᠵᠢ ᠶᠢᠨ ᠲᠤᠭᠤᠷᠢᠨ ᠵᠢᠯᠤᠭᠤᠳᠬᠤ ᠰᠠᠨᠠᠯ ᠤᠨ ᠬᠠᠷᠢᠭᠤ ᠲᠤᠰᠬᠠᠯ ᠤᠨ ᠬᠤᠷᠠᠯ | ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠲᠡᠦᠬᠡ ᠰᠤᠷᠤᠯᠴᠠᠯᠭ᠎ᠠ ᠬᠥᠮᠦᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ᠂ ᠲᠣᠭᠤᠷᠢᠨ ᠵᠢᠯᠣᠭᠤᠳᠬᠤ | ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠡᠯ᠎ᠡ ᠠᠵᠢᠯ ᠢ ᠠᠬᠢᠭᠤᠯᠬᠤ ᠳᠤᠭᠤᠶᠢᠯᠠᠩ ᠤᠨ ᠳᠠᠷᠤᠭ᠎ᠠ᠂ | ᠳᠡᠳ᠋ ᠳᠠᠷᠤᠭ᠎ᠠ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠳᠡᠳ᠋ ᠳᠠᠷᠤᠭ᠎ᠠ᠂ ᠠᠯᠪᠠᠨ ᠬᠡᠷ ᠤᠨ ᠡᠷᠬᠢᠯᠡᠭᠴᠢ ᠰᠠᠷᠠᠭᠤᠯᠲᠤᠶᠠᠭ᠎ᠠ ᠠᠴᠠ ᠪᠥᠬᠦ ᠬᠤᠰᠢᠭᠤᠨ ᠤ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠬᠢᠵᠡᠢ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠢ ᠸᠧᠢ ᠮᠢᠨ ᠵᠢᠭᠠᠬᠤ ᠳᠠᠭᠠᠨ | ᠂ ᠨᠢᠭᠡ ᠳᠤ ᠰᠤᠷᠤᠯᠴᠠᠯᠭ᠎ᠠ ᠶᠢ ᠴᠢᠩᠭ᠎ᠠ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ | ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠤᠯᠠᠮ ᠨᠢᠭᠡ | ᠠᠯᠬᠤᠮ ᠬᠦᠳᠦᠯᠦᠨ ᠵᠢᠯᠣᠭᠤᠳᠴᠤ ᠪᠠᠶᠢᠭᠠᠳ ᠦᠵᠡᠯ ᠰᠠᠨᠠᠭᠠᠨ ᠤ ᠠᠤᠭ᠎ᠠ ᠬᠦᠴᠦᠨ ᠢ ᠭᠦᠨᠵᠡᠭᠡᠢ | ᠤᠢᠢᠯᠠᠭᠠᠭᠤᠯᠬᠤ ᠬᠡᠷᠡᠭᠲᠡᠢ ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠤᠯᠴᠠᠯᠭ᠎ᠠ ᠶᠢ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠥᠬᠦ ᠶᠠᠪᠤᠴᠠ ᠳᠤ ᠲᠤᠤᠱᠯᠠᠭᠤᠯᠬᠤ ᠬᠡᠷᠡᠭᠲᠡᠶ᠃ ᠬᠤᠶᠠᠷ ᠲᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ︽ᠪᠠᠴᠢᠮ ᠲᠤᠯᠭᠠᠮ᠎ᠠ᠂ ᠬᠦᠴᠢᠷ ᠵᠣᠪᠠᠭᠤᠷᠢ᠂ | ᠬᠦᠰᠡᠯ ᠡᠷᠡᠮᠡᠯᠵᠡᠯ︾ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠢ ᠣᠯᠠᠨ ᠲᠦᠮᠡᠨ ᠳᠤ | ᠪᠣᠳᠠᠲᠤ ᠶᠠᠪᠤᠳᠠᠯ ᠬᠢᠵᠦ ᠥᠭᠬᠦ︾ ᠦᠶᠯᠡᠳᠦᠯᠭᠡ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠲᠥᠷᠥᠯ ᠵᠦᠶᠯ ᠤᠨ ᠨᠠᠷᠢᠨ ᠲᠠᠩᠰᠠ ᠶᠢ | ᠲᠤᠭᠲᠠᠭᠠᠨ᠂ ᠦᠶᠯᠡᠳᠦᠯᠭᠡ ᠶᠢᠨ ᠠᠵᠢᠯᠯᠠᠭ᠎ᠠ ᠶᠢ ᠨᠠᠩ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠬᠦ ᠬᠡᠷᠡᠭᠲᠡᠶ᠃ | ᠭᠤᠷᠪᠠ ᠳᠤ᠂ ᠭᠤᠤᠯᠳᠠᠯᠭ᠎ᠠ ᠲᠠᠢ ᠲᠠᠯ᠎ᠠ ᠶᠢ ᠴᠢᠩᠭ᠎ᠠ ᠡᠵᠡᠮᠳᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠭᠤᠣᠯ ᠠᠵᠢᠯ ᠲᠠᠢ ᠤᠶᠠᠯᠳᠤᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠠᠨᠠᠢ᠂ ᠬᠠᠤᠯᠢ | ᠬᠡᠷᠡᠭᠵᠢᠭᠦᠯᠵᠦ ᠬᠠᠤᠯᠢ ᠪᠠᠷᠢᠬᠤ ᠨᠢ ᠭᠤᠣᠯᠴᠢ ᠪᠤᠰᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠵᠡᠷᠭᠡ | ᠠᠰᠠᠭᠤᠳᠠᠯ ᠢ ᠴᠢᠩᠭ᠎ᠠ ᠠᠩᠬᠠᠷᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠴᠢᠷ | ᠠᠰᠠᠭᠤᠳᠠᠯ ᠢ ᠰᠢᠢᠳᠪᠦᠷᠢᠯᠡᠬᠦ ᠳᠤᠮᠳᠠ ᠬᠡᠷᠡᠭᠯᠡᠵᠦ᠂ ᠰᠤᠷᠤᠯᠴᠠᠯᠭ᠎ᠠ ᠬᠥᠮᠦᠵᠢᠯ ᠪᠣᠯᠤᠨ ᠪᠣᠳᠠᠲᠠᠢ ᠠᠵᠢᠯ ᠢ | ᠬᠠᠷᠢᠯᠴᠠᠨ ᠠᠬᠢᠭᠤᠯᠵᠤ᠂ ᠬᠠᠷᠢᠯᠴᠠᠨ ᠲᠤᠪᠤᠶᠢᠯᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠳᠥᠷᠪᠡ ᠳᠤ᠂ | ᠤᠬᠠᠭᠤᠯᠵᠤ ᠬᠥᠲᠥᠯᠥᠨ ᠵᠢᠯᠣᠭᠤᠳᠬᠤ ᠪᠠ ᠨᠡᠶᠢᠲᠡᠯᠢᠭ ᠵᠢᠱᠢᠶ᠎ᠡ ᠶᠢ ᠳ᠋ᠦᠩᠨᠡᠬᠦ ᠪᠠᠨ ᠴᠢᠩᠭᠠᠳᠬᠠᠵᠤ᠂ ᠪᠣᠳᠠᠲᠤ | ᠶᠠᠪᠤᠳᠠᠯ ᠬᠢᠬᠦ ᠠᠭᠤᠷ ᠠᠮᠢᠰᠬᠤᠯ ᠢ ᠪᠣᠶ ᠪᠤᠯᠭᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ | ᠱᠠᠲᠤᠨ ᠤ ᠳ᠋ᠦᠩᠨᠡᠯᠲᠡ ᠬᠢᠬᠦ ᠪᠠ ᠨᠡᠶᠢᠲᠡᠯᠢᠭ ᠵᠢᠱᠢᠶ᠎ᠡ ᠶᠢ ᠭᠠᠷᠭᠠᠬᠤ ᠠᠵᠢᠯ ᠢ ᠰᠠᠶᠢᠲᠤᠷ ᠬᠢᠵᠦ᠂ ᠨᠡᠶᠢᠲᠡᠯᠢᠭ | ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢ ᠪᠠᠳᠠᠷᠠᠭᠤᠯᠬᠤ ᠬᠡᠷᠡᠭᠲᠡᠶ᠃ ᠡᠭᠦᠨ ᠤ | ᠬᠠᠮᠲᠤ ᠳᠠᠩᠰᠠ ᠡᠪᠬᠡᠮᠡᠯ ᠤᠨ ᠮᠠᠲ᠋ᠧᠷᠢᠶᠠᠯ ᠤᠨ ᠵᠢᠷᠤᠮᠵᠢᠭᠰᠠᠨᠬᠠᠮᠢᠶᠠᠷᠤᠯᠲᠠ ᠶᠢ ᠰᠠᠶᠢᠲᠤᠷ ᠬᠢᠵᠦ᠂ ᠠᠵᠢᠯ ᠤᠨ | ᠡᠬᠡ ᠳᠠᠩᠰᠠ ᠪᠠᠨ ᠲᠡᠭᠦᠯᠳᠡᠷᠵᠢᠭᠦᠯᠦᠨ᠂ ᠳᠠᠩᠰᠠ ᠡᠪᠬᠡᠮᠡᠯ ᠤᠨ ᠮᠠᠲ᠋ᠧᠷᠢᠶᠠᠯ ᠳᠤ ᠣᠷᠬᠢᠭᠳᠠᠭᠰᠠᠨ ᠵᠦᠢᠯ ᠢ | ᠪᠠᠶᠢᠴᠠᠭᠠᠵᠤ ᠨᠥᠬᠦᠪᠥᠷᠢᠯᠡᠬᠦ ᠬᠡᠷᠡᠭᠲᠡᠶ ᠭᠡᠪᠡ᠃ | ᠰᠠᠷᠠᠭᠤᠯᠲᠤᠶᠠᠭᠠᠢᠯᠡᠷᠬᠡᠶᠢᠯᠡᠬᠦ ᠳᠤ ᠪᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠡᠷᠦᠩᠬᠡᠢ | ᠱᠠᠭᠠᠷᠳᠠᠯᠭ᠎ᠠ ᠪᠣᠯᠤᠨ ᠰᠢᠨ᠎ᠡ ᠡᠭᠦᠷᠭᠡ ᠶᠢᠨ ᠲᠣᠭᠤᠷᠢᠨ ᠳᠤ᠂ ᠨᠠᠷᠢᠨ ᠨᠢᠮᠪᠠᠢ ᠲᠥᠯᠥᠪᠵᠢᠭᠦᠯᠵᠦ᠂ ᠨᠠᠷᠢᠨ ᠨᠢᠮᠪᠠᠢ | ᠵᠣᠬᠢᠶᠠᠨ ᠪᠠᠶᠢᠭᠤᠯᠵᠤ᠂ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠶᠢᠨ | ᠬᠠᠮᠲᠤ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠶᠯᠡᠳᠦᠯᠭᠡ ᠶᠢᠨ | ᠠᠵᠢᠯᠯᠠᠭ᠎ᠠ ᠶᠢᠨ ᠡᠭᠦᠷᠭᠡ ᠶᠢᠨ ᠨᠠᠷᠢᠨ ᠲᠠᠩᠰᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠬᠦᠴᠢᠷ ᠠᠰᠠᠭᠤᠳᠠᠯ ᠢ | ᠦᠨᠡᠨ ᠬᠦ ᠰᠢᠶᠳᠪᠦᠷᠢᠯᠡᠨ᠎ᠡ ᠭᠡᠵᠡᠢ ᠃ | |