ᠪᠥᠬᠦ ᠬᠤᠰᠢᠭᠤᠨ ᠤ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/10/22
      10 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂   ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ ᠪᠥᠬᠦ ᠬᠤᠰᠢᠭᠤᠨ ᠤ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ  ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠳ᠋  ᠬᠤᠰᠢᠭᠤ ᠳᠠᠷᠤᠭ᠎ᠠ ᠰᠡᠴᠡᠨ ᠪᠣᠯᠣᠨ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂  ᠬᠤᠰᠢᠭᠤ  ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂  ᠬᠤᠰᠢᠭᠤ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠪᠠᠶᠢᠳᠠᠯ ᠢ ᠮᠡᠳᠡᠭᠳᠡᠵᠦ᠂ ᠰᠡᠴᠡᠨ ᠠᠴᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠶ ᠪᠣᠳᠠᠲᠠᠶ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠵᠢᠭᠠᠬᠤ ᠳᠠᠭᠠᠨ᠂ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ ᠪᠦᠬᠦ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠪᠤᠯᠪᠠᠴᠤ ᠵᠠᠷᠢᠮ ᠪᠠᠭᠤᠷᠠᠢ ᠭᠤᠭᠴᠤᠭ᠎ᠠ ᠪᠣᠯᠤᠨ ᠬᠦᠨᠳᠦ ᠶᠡᠭᠡ‌ᠠᠶᠤᠯ ᠲᠦᠭᠰᠢᠭᠦᠷᠢ ᠣᠷᠣᠰᠢᠵᠤ ᠪᠠᠶᠢᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ‌‍ᠲ᠋ᠠᠨᠢᠯᠲᠠ ᠪᠠᠨ ᠳᠡᠭᠡᠭᠰᠢᠯᠡᠭᠦᠯᠵᠦ᠂ ᠠᠶᠤᠯᠭᠦᠶ ᠦᠢᠯᠡᠳᠪᠤᠷᠢᠯᠡᠯ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠡᠷᠴᠢᠮ ᠢᠶᠠᠨ ᠢᠮᠠᠭᠲᠠ ᠴᠢᠩᠭᠠᠷᠠᠭᠤᠯᠵᠤ᠂ ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ‌‍ᠪᠤᠯᠤᠨ ᠬᠦᠴᠢᠷ ᠡᠴᠡ‌‍ᠪᠡᠷᠬᠡᠰᠢᠶᠡᠬᠦ ᠰᠡᠳᠬᠢᠯᠭᠡ‌‍ᠶᠢ ᠡᠷᠡᠰ ᠲᠡᠪᠴᠢᠵᠦ᠂ ᠴᠢᠩᠭ᠎ᠠ‌ᠨᠢᠮᠪᠠᠶ ᠣᠪᠣᠷ᠂ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ‌‍ᠪᠠᠷ ᠣᠶ ᠰᠢᠭᠤᠶ ᠨᠤᠲᠤᠭ ᠪᠡᠯᠴᠢᠭᠡᠷ ᠤᠨ  ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠴᠢᠩᠭ᠎ᠠ‌ᠠᠳᠬᠤᠵᠤ ᠰᠠᠶᠢᠲᠤᠷ ᠠᠳᠬᠤᠵᠤ᠂  ᠰᠠᠶᠢᠨ‌ᠦᠷ᠎ᠡ ᠪᠦᠲᠦᠮᠵᠢ ᠭᠠᠷᠭᠠᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠴᠢᠯᠠᠭᠰᠠᠨ ᠨᠢ᠂ ᠡᠯ᠎ᠡ‌‍ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠠᠵᠢᠯ ᠢᠶᠠᠨ ᠡᠷᠲᠡ ᠪᠠᠶᠢᠷᠢᠯᠠᠭᠤᠯᠬᠤ᠂ ᠲᠣᠨᠤᠭ ᠲᠥᠬᠦᠭᠡᠷᠦᠮᠵᠢ ᠪᠠᠨ ᠡᠷᠲᠡ ᠪᠡᠯᠡᠳᠬᠡᠬᠦ᠂ ᠠᠵᠢᠯᠲᠠᠨ ᠢᠶᠠᠨ ᠡᠷᠲᠡ ᠪᠣᠳᠠᠲᠠᠶᠢᠵᠢᠭᠤᠯᠬᠤ᠂ ᠪᠡᠯᠡᠳᠬᠡᠯ ᠲᠥᠰᠦᠯ ᠢᠶᠠᠨ ᠡᠷᠲᠡ ᠲᠡᠭᠦᠯᠳᠡᠷᠵᠢᠭᠦᠯᠬᠦ ᠶᠢ ᠢᠳᠡᠪᠬᠢᠲᠡᠶ ᠪᠡᠶᠡᠯᠡᠭᠦᠯᠵᠦ᠂ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ᠂ ᠵᠣᠬᠢᠶᠠᠨ ᠪᠠᠶᠢᠭᠤᠯᠵᠤ ᠵᠣᠬᠢᠴᠠᠭᠤᠯᠬᠤ᠂ ᠤᠷᠢᠳᠴᠢᠯᠠᠨ ᠰᠡᠷᠭᠡᠶᠢᠯᠡᠵᠦ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠬᠢᠬᠦ᠂   ᠲᠦᠢᠮᠡᠷ ᠢ ᠤᠨᠲᠠᠷᠠᠭᠠᠬᠤ ᠵᠡᠷᠭᠡ‌‍ᠲ᠋ᠠᠯ᠎ᠠ ᠶᠢᠨ ᠬᠠᠷᠢᠭᠤᠴᠠᠯᠭ᠎ᠠ ᠪᠠᠨ ᠨᠠᠷᠢᠯᠢᠬᠵᠢᠭᠤᠯᠵᠤ᠂  ᠲᠦᠢᠮᠡᠷ ᠤᠨ ᠡᠬᠢ ᠡᠭᠦᠰᠦᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂  ᠲᠦᠢᠮᠡᠷ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠᠨ ᠴᠢᠩᠭᠠᠳᠬᠠᠵᠤ᠂ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠪᠠᠴᠢᠮ ᠪᠠᠶᠢᠳᠠᠯ ᠢ‌ᠠᠷᠭᠠᠴᠠᠭᠠᠬᠤ ᠬᠦᠴᠦᠨ ᠢᠶᠠᠨ  ᠲᠡᠭᠦᠯᠳᠡᠷᠵᠢᠭᠦᠯᠦᠨ᠂ ᠤᠬᠠᠭᠤᠯᠭ᠎ᠠ‌‍ᠬᠥ᠋ᠮᠦᠵᠢᠯ ᠢ ᠴᠢᠩᠭᠠᠳᠬᠠᠵᠤ ᠪᠥᠬᠦ ᠠᠷᠠᠳ ᠢᠶᠠᠷ ᠢᠶᠠᠨ ᠣᠷᠣᠯᠴᠠᠬᠤ ᠶᠢ ᠪᠠᠲᠤᠯᠠᠬᠤ ᠬᠡᠷᠡᠭᠲᠡᠢ᠃ ᠣᠶ ᠰᠢᠭᠤᠶ ᠨᠤᠲᠤᠭ ᠪᠡᠯᠴᠢᠭᠡᠷ ᠤᠨ  ᠲᠦᠢᠮᠡᠷ ᠢ ᠰᠡᠷᠭᠡᠶᠢᠯᠡᠬᠦ ᠪᠠᠶᠢᠴᠠᠭᠠᠯᠲᠠ ᠪᠠ ᠲᠦᠢᠮᠡᠷ ᠤᠨ ᠠᠶᠤᠯ ᠤᠨ ᠬᠡᠮ ᠰᠣᠭᠤᠭ ᠢ  ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠲᠦᠢᠮᠡᠷ ᠤᠨ ᠠᠶᠤᠯ ᠤᠨ ᠬᠡᠮ ᠰᠣᠭᠤᠭ ᠢ ᠡᠬᠢ ᠡᠭᠦᠰᠦᠯ ᠠᠴᠠ ᠨᠢ ᠠᠷᠢᠯᠭᠠᠵᠤ᠂ ᠡᠯ᠎ᠡ ᠲᠠᠯ᠎ᠠ‌‍ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠦᠢᠮᠡᠷ ᠢ ᠰᠡᠷᠭᠡᠶᠢᠯᠡᠬᠦ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠂ ᠠᠵᠤ ᠠᠬᠤᠶ ᠶᠢᠨ ᠲᠣᠭᠲᠠᠭᠤᠨ ᠡᠷᠭᠢᠯᠲᠡ ᠪᠠ ᠨᠡᠶᠢᠭᠡᠮ ᠤᠨ ᠡᠶ᠎ᠡ‌ᠵᠣᠬᠢᠴᠠᠩᠭᠤᠶ ᠶᠢ ᠪᠠᠲᠤᠯᠠᠬᠤ ᠳᠤ ᠰᠠᠶᠢᠨ ᠰᠠᠶᠢᠬᠠᠨ ᠠᠮᠤᠷ ᠲᠦᠪᠰᠢᠨ ᠣᠷᠴᠢᠨ ᠲᠣᠭᠤᠷᠢᠨ ᠢ ᠡᠭᠦᠳᠴᠦ᠂ ᠡᠬᠡ‌ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠶ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号