ᠤᠯᠢᠶᠠᠰᠤᠲᠠᠢ ᠪᠠᠯᠭᠠᠰᠤ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾  ᠦᠢᠯᠡᠳᠦᠯᠭᠡ ᠶᠢᠨ ᠠᠵᠢᠯᠯᠠᠭ᠎ᠠ  ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/10/22
      ᠣᠶᠢᠷ᠎ᠠ ᠶᠢᠨ ᠬᠤᠭᠤᠴᠠᠭᠠᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠲᠥᠷᠥᠯ  ᠵᠦᠢᠯ ᠤᠨ ᠨᠠᠷᠢᠨ ᠲᠠᠩᠰᠠ ᠶᠢ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ  ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠢᠶᠠᠰᠤᠲᠠᠢ ᠪᠠᠯᠭᠠᠰᠤᠨ ᠤ ᠣᠯᠠᠨ ᠲᠦᠮᠡᠨ ᠤ ︽ᠪᠠᠴᠢᠮ ᠪᠠᠶᠢᠳᠠᠯ᠂ ᠬᠦᠴᠢᠷ ᠵᠣᠪᠠᠭᠤᠷᠢ ᠲᠠᠢ ᠪᠠᠶᠢᠬᠤ ᠪᠠ ᠬᠦᠰᠡᠨ  ᠡᠷᠡᠮᠡᠯᠵᠡᠵᠦ ᠪᠠᠶᠢᠬᠤ︾ ᠠᠰᠠᠭᠤᠳᠠᠯ ᠢ  ᠰᠢᠢᠳᠪᠦᠷᠢᠯᠡᠬᠦ ᠶᠢᠨ ᠲᠥᠯᠥᠭᠡ᠂ 10 ᠰᠠᠷ᠎ᠠ ᠶᠢᠨ 18 ᠤ ᠡᠳᠦᠷ  ᠤᠨ ᠦᠳᠡ ᠶᠢᠨ ᠡᠮᠦᠨ᠎ᠡ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾  ᠦᠢᠯᠡᠳᠦᠯᠭᠡ ᠶᠢᠨ ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ᠂ ᠭᠠᠴᠠᠭ᠎ᠠ᠂ ᠨᠡᠶᠢᠭᠡᠮ ᠲᠣᠭᠤᠷᠢᠭ ᠤᠨ ᠱᠦᠵᠢ ᠬᠤᠷᠠᠯ ᠳᠤ ᠣᠷᠣᠯᠴᠠᠪᠠ᠃      ᠬᠤᠷᠠᠯ ᠳᠤ᠂ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾  ᠦᠢᠯᠡᠳᠦᠯᠭᠡ ᠶᠢᠨ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠰᠣᠨᠣᠰᠴᠤ᠂ ᠪᠥᠬᠦ ᠪᠠᠯᠭᠠᠰᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ  ᠶᠢᠨ ᠠᠬᠢᠴᠠ ᠤᠨ ᠪᠠᠶᠢᠳᠠᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ  ᠬᠢᠬᠦ︾ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠪᠣᠯ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠮᠥᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠮᠥᠨ᠃ ︽ᠪᠢ ᠣᠯᠠᠨ ᠲᠦᠮᠡᠨ ᠳᠤ ᠪᠣᠳᠠᠲᠤ ᠶᠠᠪᠤᠳᠠᠯ  ᠬᠢᠬᠦ︾ ᠦᠶ᠋ᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠤᠯᠢᠶᠠᠰᠤᠲᠠᠢ ᠪᠠᠯᠭᠠᠰᠤ ᠨᠢ ᠬᠠᠮᠤᠭ ᠤᠨ ᠬᠦᠴᠢᠷᠳᠡᠯᠲᠡᠶ ᠣᠯᠠᠨ ᠲᠦᠮᠡᠨ ᠠᠴᠠ ᠭᠠᠷᠳᠠᠵᠤ᠂ ᠬᠠᠮᠤᠭ ᠤᠨ ᠲᠣᠪᠤᠶᠢᠮ᠎ᠠ ᠠᠰᠠᠭᠤᠳᠠᠯ ᠠᠴᠠ ᠭᠠᠷᠳᠠᠵᠤ᠂ ᠬᠠᠮᠤᠭ ᠤᠨ ᠪᠣᠳᠠᠲᠠᠶ ᠠᠰᠢᠭ ᠲᠤᠰᠠ ᠠᠴᠠ ᠡᠭᠦᠰᠴᠦ᠂  ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾  ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠭᠦᠯᠵᠦ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃ ᠣᠳᠣᠬᠠᠨ ᠳᠤ᠂ ᠪᠥᠬᠦ ᠪᠠᠯᠭᠠᠰᠤᠨ ᠤ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ︽ᠣᠯᠠᠨ ᠲᠦᠮᠡᠨ ᠳᠤ ᠪᠣᠳᠠᠲᠤ ᠶᠠᠪᠤᠳᠠᠯ  ᠬᠢᠬᠦ︾  ᠦᠢᠯᠡᠳᠦᠯᠭᠡ ᠶᠢᠨ ᠠᠵᠢᠯᠯᠠᠭ᠎ᠠ ᠶᠢᠨ ᠲᠥᠷᠥᠯ  ᠵᠦᠢᠯ ᠤᠨ ᠨᠠᠷᠢᠨ ᠲᠠᠩᠰᠠ ᠶᠢᠨ ᠡᠭᠦᠷᠭᠡ ᠶᠢ ᠨᠢᠭᠡᠨᠲᠡ ᠬᠠᠭᠠᠰ ᠠᠴᠠ ᠳᠡᠭᠡᠭᠰᠢ ᠪᠡᠶᠡᠯᠡᠭᠦᠯᠦᠭᠰᠡᠨ ᠪᠣᠯᠪᠠᠴᠤ ᠵᠢᠯ ᠤᠨ ᠡᠴᠦᠰ ᠪᠣᠯᠲᠠᠯ᠎ᠠ  ᠪᠦᠬᠦᠨ ᠢ ᠪᠡᠶᠡᠯᠡᠭᠦᠯᠬᠦ ᠬᠠᠷᠠᠯᠲᠠ  ᠳᠤ  ᠬᠦᠷᠭᠡᠬᠦ ᠳᠤ ᠪᠠᠰᠠ ᠵᠥᠷᠢᠶ᠎ᠡ ᠲᠠᠢ ᠪᠠᠶᠢᠭᠰᠠᠭᠠᠷ᠂ ᠡᠭᠦᠨ ᠤ ᠬᠠᠮᠲᠤ᠂  ᠰᠢᠢᠳᠪᠦᠷᠢᠯᠡᠵᠦ ᠳᠠᠭᠤᠰᠬᠠᠬᠤ ᠨᠣᠷᠮ᠎ᠠ ᠲᠡᠶᠢᠮᠦ ᠥᠨᠳᠥᠷ ᠪᠢᠰᠢ᠂ ᠠᠵᠢᠯ ᠤᠨ ᠠᠬᠢᠴᠠ ᠲᠡᠩᠴᠡᠭᠦᠷᠢ ᠥᠬᠡᠶ᠂ ᠠᠵᠢᠯ ᠤᠨ ᠲᠠᠩᠰᠠ ᠡᠪᠬᠡᠮᠡᠯ ᠪᠦᠷᠢᠨ ᠲᠡᠭᠦᠯᠳᠡᠷ ᠪᠢᠰᠢ᠂ ᠣᠨᠣᠪᠴᠢᠲᠠᠶ ᠬᠢᠨᠠᠨ ᠵᠢᠯᠣᠭᠤᠳᠬᠤ ᠡᠷᠴᠢᠮ ᠴᠢᠩᠭ᠎ᠠ ᠪᠢᠰᠢ᠂ ᠣᠷᠳᠣ ᠬᠤᠭᠤᠴᠠᠭᠠᠨ ᠤ ᠪᠦᠲᠦᠮᠵᠢᠲᠡᠶ  ᠠᠵᠢᠯ ‍ᠤᠨ‌‍ᠲ᠋ᠣᠭᠲᠠᠴᠠ ᠶᠢ ᠰᠢᠨ᠎ᠡ ᠶᠢ  ᠡᠭᠦᠳᠬᠦ ᠲᠠᠯ᠎ᠠ  ᠪᠠᠷ ᠬᠦᠷᠦᠯᠴᠡᠬᠦ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠲᠣᠰ ᠭᠠᠵᠠᠷ ᠣᠷᠣᠨ ᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠠᠳᠬᠤᠬᠤ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠠᠵᠢᠯᠯᠠᠭ᠎ᠠ ᠶᠢ ᠦᠨᠡᠨ ᠬᠦ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ ᠂ ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢ ᠱᠠᠭᠠᠷᠳᠠᠯᠭ᠎ᠠ  ᠶᠣᠰᠣᠭᠠᠷ  ᠨᠠᠶᠢᠳᠠᠪᠤᠷᠢᠵᠢᠭᠤᠯᠬᠤ ᠬᠡᠷᠡᠭᠲᠡᠶ᠃ ᠵᠠᠷᠢᠮ ᠤᠯᠠᠨ ᠰᠠᠯᠠᠭ᠎ᠠ ᠮᠥᠴᠢᠷ ᠲᠤ ᠬᠤᠯᠪᠣᠭᠳᠠᠬᠤ ᠂ ᠵᠣᠬᠢᠴᠠᠭᠤᠯᠬᠤ ᠳᠤ  ᠬᠦᠴᠢᠷᠲᠡᠢ ᠬᠡᠷᠡᠭ ᠶᠠᠪᠤᠳᠠᠯ ᠢ ᠴᠠᠭ ᠲᠤᠬᠠᠢ ᠳᠤᠨᠢ ᠵᠣᠬᠢᠴᠠᠭᠤᠯᠵᠤ᠂ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠢᠯ ᠤᠨ ᠡᠷᠴᠢᠮ ᠂  ᠲᠠᠩᠰᠠ ᠡᠪᠬᠡᠮᠡᠯ ᠶᠢᠨ ᠬᠠᠮᠢᠶᠠᠷᠤᠯᠲᠠ ᠵᠢᠴᠢ ᠲᠠᠩᠰᠠ ᠬᠠᠷᠭᠤᠭᠤᠯᠵᠤ ᠳ᠋ᠤᠭᠠᠷ ᠬᠠᠰᠤᠬᠤ ᠶᠢ  ᠴᠢᠩᠭᠠᠷᠠᠭᠤᠯᠵᠤ᠂ ᠲᠣᠭᠲᠠᠭᠰᠠᠨ ᠴᠠᠭ  ᠲᠠᠭᠠᠨ ᠴᠢᠨᠠᠷ ᠰᠠᠶᠢᠲᠠᠶ ᠭᠦᠢᠴᠡᠳᠭᠡᠵᠦ ᠳᠠᠭᠤᠰᠬᠠᠬᠤ ᠶᠢ ᠪᠠᠲᠤᠯᠠᠬᠤ ᠬᠡᠷᠡᠭᠲᠡᠶ︔ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾  ᠠᠵᠢᠯᠯᠠᠭ᠎ᠠ ᠶᠢ ᠱᠠᠲᠤ ᠦᠶ᠎ᠡ ᠶᠢᠨ ᠴᠢᠨᠠᠷᠲᠠᠶ ᠥᠷᠨᠢᠭᠦᠯᠦᠭᠰᠡᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠲᠠᠷᠠᠭᠠᠴᠢ ᠶᠢᠨ ᠱᠠᠲᠤᠨ ᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ ᠶᠢ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠠᠩ ᠨᠡᠶᠢᠴᠡᠭᠦᠯᠵᠦ᠂ ᠣᠯᠠᠨ ᠲᠦᠮᠡᠨ ᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠡᠯ᠎ᠡ ᠭᠠᠴᠠᠭ᠎ᠠ ᠨᠡᠶᠢᠭᠡᠮ ᠲᠣᠭᠤᠷᠢᠭ ︽ᠪᠢ ᠣᠯᠠᠨ ᠲᠦᠮᠡᠨ ᠳᠤ ᠪᠣᠳᠠᠲᠤ ᠶᠠᠪᠤᠳᠠᠯ  ᠬᠢᠬᠦ︾ ᠱᠠᠲᠤ ᠦᠶ᠎ᠡ ᠶᠢᠨ ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠶᠠᠷᠢᠯᠴᠠᠬᠤ ᠬᠤᠷᠠᠯ ᠢ ᠵᠣᠬᠢᠰᠲᠠᠶ ᠬᠤᠷᠠᠯᠳᠤᠭᠤᠯᠵᠤ᠂ ᠡᠭᠦᠨ ᠤ ᠬᠠᠮᠲᠤ ᠡᠷᠦᠬᠡ ᠳᠤ ᠣᠷᠣᠵᠤ ᠰᠤᠷᠪᠤᠯᠵᠢᠯᠠᠬᠤ᠂ ᠤᠲᠠᠰᠤ ᠪᠠᠷ ᠬᠠᠷᠢᠭᠤ ᠰᠤᠷᠪᠤᠯᠵᠢᠯᠠᠬᠤ ᠵᠡᠷᠭᠡ ᠬᠡᠯᠪᠡᠷᠢ ᠪᠠᠷ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠶᠢ ᠥᠷᠨᠢᠭᠦᠯᠵᠦ ᠪᠣᠯᠤᠨ᠎ᠠ︔ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ᠂ ᠡᠯ᠎ᠡ ᠭᠠᠴᠠᠭ᠎ᠠ ᠨᠡᠶᠢᠭᠡᠮ ᠲᠣᠭᠤᠷᠢᠭ   ᠨᠢ ᠡᠷᠬᠡᠪᠰᠢ ᠰᠤᠷᠤᠯᠴᠠᠬᠤ ᠪᠠ  ᠦᠢᠯᠡᠳᠦᠯᠭᠡ ᠶᠢ  ᠣᠶᠠᠯᠳᠣᠭᠤᠯᠵᠤ᠂ ᠰᠤᠷᠤᠯᠴᠠᠯᠭ᠎ᠠ ᠪᠠᠷ ᠳᠠᠮᠵᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂  ᠦᠢᠯᠡᠳᠦᠯᠭᠡ ᠪᠠᠷ ᠳᠠᠮᠵᠢᠨ ᠰᠤᠷᠤᠯᠭ᠎ᠠ ᠶᠢᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠢ᠃ ᠡᠭᠦᠷᠭᠡ  ᠱᠠᠭᠠᠷᠳᠠᠯᠭ᠎ᠠ ᠤᠨ ᠪᠠᠷᠢᠮᠵᠢᠶ᠎ᠠ ᠶᠤᠰᠤᠭᠠᠷ᠂ ᠠᠵᠢᠯ ᠢᠶᠠᠨ  ᠡᠮᠬᠢᠯᠡᠨ᠂ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠂ ᠬᠤᠷᠳᠤᠴᠠ ᠪᠠᠨ ᠲᠦᠷᠭᠡᠳᠬᠡᠵᠦ ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾  ᠦᠢᠯᠡᠳᠦᠯᠭᠡ ᠶᠢᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ  ᠃
 
ᠢᠷᠡᠯᠲᠡ᠄ ᠤᠯᠢᠶᠠᠰᠤᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号