10 ᠰᠠᠷ᠎ᠠ ᠶᠢᠨ 20 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠬᠡᠰᠢᠭᠪᠦ᠋ᠷᠢᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ ᠨᠠᠷ ᠵᠡᠭᠦᠨ ᠦᠵᠦᠮᠦᠴᠢᠨ ᠬᠤᠰᠢᠭᠤᠨ ᠤ | ᠡᠵᠢᠨᠠᠭᠤᠷ ᠪᠠᠯᠭᠠᠰᠤᠨ ᠳᠤ ᠭᠦᠨᠵᠡᠭᠡᠶᠢᠷᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ | ᠣᠷᠳᠣᠨ ᠤ ᠬᠤᠭᠤᠴᠠᠭ᠎ᠠ ᠰᠣᠯᠢᠬᠤ ᠠᠵᠢᠯ ᠵᠢᠴᠢ ᠦᠨᠳᠦᠰᠦᠲᠡᠨ ᠤ ᠪᠦᠯᠬᠦᠮᠳᠡᠯ ᠤᠨ ᠠᠵᠢᠯ ᠢ ᠵᠢᠭᠠᠨ | ᠵᠢᠯᠣᠭᠤᠳᠪᠠ᠃ | ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠡᠴᠡᠨᠪᠠᠭᠠᠲᠤᠷ ᠨᠦᠬᠦᠷ | ᠠᠴᠠ ᠠᠷᠠᠳ ᠲᠤ ᠲᠥᠬᠦᠮ ᠦᠵᠡᠭᠦᠯᠬᠦ ᠲᠢᠩᠬᠢᠮ ᠤᠨ ᠳᠡᠯᠭᠡᠴᠡ ᠶᠢ ᠠᠰᠢᠭᠯᠠᠨ ᠵᠢᠭᠠᠨ ᠵᠢᠯᠣᠭᠤᠳᠬᠤ | ᠳᠤᠭᠤᠶᠢᠯᠠᠩ ᠨᠠᠷ ᠲᠤ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠥᠷᠨᠢᠭᠦᠯᠦᠭᠰᠡᠨ ᠪᠠᠶᠢᠳᠠᠯ ᠢ ᠨᠠᠷᠢᠨ | ᠲᠠᠨᠢᠯᠴᠠᠭᠤᠯᠪᠠ᠃ | ᠵᠢᠭᠠᠡ ᠵᠢᠯᠣᠭᠤᠳᠬᠤ ᠳᠤᠭᠤᠶᠢᠯᠠᠩ ᠠᠴᠠ ᠰᠠᠭᠤᠳᠠᠯ ᠤᠨ ᠬᠤᠷᠠᠯ ᠬᠢᠬᠦ᠂ ᠬᠠᠷᠢᠭᠤ ᠮᠡᠳᠡᠭᠦᠯᠦᠯᠲᠡ ᠶᠢ | ᠰᠣᠨᠣᠰᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠡ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠠᠵᠢᠯ ᠢ ᠨᠠᠷᠢᠨ | ᠣᠶᠢᠯᠠᠭᠠᠭᠰᠠᠨ ᠪᠥᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ | ᠰᠣᠯᠢᠬᠤ ᠠᠵᠢᠯ ᠢ ᠵᠢᠭᠠᠡ ᠵᠢᠯᠣᠭᠤᠳᠪᠠ᠃ | ᠬᠡᠰᠢᠭᠪᠦ᠋ᠷᠢᠨ ᠨᠥᠬᠦᠷ ᠠᠴᠠ ᠴᠢᠩᠭᠠᠳᠬᠠᠭᠰᠠᠡ ᠨᠢ᠂ ᠨᠢᠭᠡ ᠳᠤ᠂ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠪᠦᠬᠦ | ᠶᠠᠪᠤᠴᠠ ᠳᠤ ᠲᠤᠭᠤᠰᠢᠯᠠᠭᠤᠯᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠪᠠᠲᠤ ᠴᠢᠩᠭ᠎ᠠ ᠤᠯᠤᠰ | ᠲᠦᠷᠦ ᠶᠢᠨ ᠪᠠᠲᠤᠯᠠᠭ᠎ᠠ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠬᠤᠭᠤᠴᠠᠭ᠎ᠠ ᠰᠣᠯᠢᠬᠤ ᠠᠵᠢᠯ | ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠤᠬᠠᠮᠰᠠᠷ ᠢᠶᠠᠨ ᠳᠡᠭᠡᠭᠰᠢᠯᠡᠭᠦᠯᠵᠦ᠂ | ᠰᠣᠩᠭᠤᠭᠤᠯᠢ ᠶᠢᠨ ᠠᠷᠠᠳ ᠢ ᠪᠦᠷᠢᠳᠬᠡᠬᠦ᠂ ᠬᠢᠨᠠᠨ ᠪᠠᠶᠢᠴᠠᠭᠠᠬᠤ ᠪᠠ ᠰᠣᠩᠭᠤᠭᠤᠯᠢ ᠶᠢᠨ ᠠᠷᠠᠳ ᠤᠨ ᠪᠢᠯᠧᠲ | ᠥᠭᠬᠦ ᠵᠡᠷᠭᠡ ᠡᠯ᠎ᠡ ᠵᠦᠢᠯ ᠤᠨ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠰᠣᠩᠭᠤᠭᠤᠯᠢ ᠶᠢᠨ ᠡᠯ᠎ᠡ | ᠭᠤᠭᠴᠤᠭ᠎ᠠ ᠶᠢᠨ ᠬᠠᠤᠯᠢ ᠶᠣᠰᠣᠭᠠᠷ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ | ᠤᠬᠠᠭᠤᠯᠬᠤ ᠶᠢᠨ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠬᠤᠭᠤᠴᠠᠭ᠎ᠠ ᠰᠣᠯᠢᠬᠤ ᠡᠯ᠎ᠡ ᠭᠤᠭᠴᠤᠭ᠎ᠠ | ᠶᠢᠨ ᠠᠵᠢᠯ ᠢ ᠪᠣᠳᠠᠲᠠᠢ ᠰᠠᠶᠢᠲᠤᠷ ᠬᠢᠵᠦ᠂ ᠬᠤᠭᠤᠴᠠᠭ᠎ᠠ ᠰᠣᠯᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠵᠤ᠂ ᠰᠣᠩᠭᠤᠭᠤᠯᠢ ᠶᠢᠨ ᠠᠷᠠᠳ ᠤᠨ ᠣᠷᠣᠯᠴᠠᠬᠤ ᠤᠬᠠᠮᠰᠠᠷ ᠪᠣᠯᠤᠨ ᠬᠠᠷᠢᠭᠤᠴᠠᠯᠭᠠᠲᠤ ᠤᠬᠠᠮᠰᠠᠷ ᠢ | ᠴᠢᠩᠭᠠᠳᠬᠠᠬᠤ ᠬᠡᠷᠡᠭᠲᠡᠢ᠃ ᠲᠦᠷᠪᠡ ᠳᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠦᠨᠡᠨᠬᠦ ᠴᠢᠩᠳᠠᠯᠠᠵᠤ᠂ | ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ᠃ | ᠬᠠᠮᠤᠭ ᠰᠡᠭᠦᠯ ᠳᠤ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠵᠥᠪᠯᠡᠯ ᠤᠨ ᠳᠡᠳ᠋ ᠡᠷᠬᠢᠯᠡᠭᠴᠢ ᠬᠡᠰᠢᠭᠪᠦ᠋ᠷᠢᠨ ᠨᠠᠷ ᠬᠠᠷᠠᠭᠠᠲᠤ ᠭᠠᠴᠠᠭᠠᠨ ᠤ ᠦᠨᠳᠦᠰᠦᠲᠡᠨ ᠤ ᠪᠦᠯᠬᠦᠮᠳᠡᠯ ᠤᠨ | ᠠᠵᠢᠯ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠪᠠ᠃ |