ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠬᠤ ᠳᠤᠭᠤᠶᠢᠯᠠᠩ ᠡᠵᠢᠨᠠᠭᠤᠷ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/10/22
      10 ᠰᠠᠷ᠎ᠠ ᠶᠢᠨ 19 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠠᠶ ᠪᠦᠦ ᠨᠡᠷ ᠡᠵᠢᠨᠠᠭᠤᠷ ᠪᠠᠯᠭᠠᠰᠤᠨ ᠳᠤ ᠭᠦᠨᠵᠡᠭᠡᠶᠢᠷᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠢ  ᠪᠠᠶᠢᠴᠠᠭᠠᠪᠠ᠃      ᠪᠠᠶᠢᠴᠠᠭᠠᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠳᠠᠩᠰᠠ ᠡᠪᠬᠡᠮᠡᠯ  ᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠮᠠᠨ ᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠤᠢᠢᠯᠠᠭᠠᠭᠰᠠᠨ ᠪᠥᠭᠡᠳ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠰᠣᠩᠭᠤᠭᠤᠯᠢ ᠶᠢᠨ ᠠᠷᠠᠳ ᠢ ᠪᠦᠷᠢᠳᠬᠡᠬᠦ᠂ ᠰᠣᠩᠭᠤᠭᠤᠯᠢ ᠶᠢᠨ ᠲᠣᠭᠤᠷᠢᠭ ᠢ ᠬᠤᠪᠢᠶᠠᠷᠢᠯᠠᠬᠤ᠂ ᠤᠬᠠᠭᠤᠯᠤᠨ ᠳᠠᠶᠢᠴᠢᠯᠠᠬᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠵᠢᠯᠤᠭᠤᠳᠤᠯᠭ᠎ᠠ ᠬᠢᠵᠡᠢ᠃      ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠭᠦᠢᠴᠡᠳ ᠨᠤᠲᠠᠯᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠫᠢᠶᠣᠣ ᠪᠠᠷ ᠲᠣᠭᠲᠠᠭᠠᠬᠤ ᠲᠦᠷᠢᠮ ᠤᠨ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠤᠯᠠᠨ ᠲᠦᠮᠡᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠰᠠᠨᠠᠯ ᠱᠠᠭᠠᠷᠳᠠᠯᠭ᠎ᠠ ᠶᠢ ᠬᠤᠷᠢᠶᠠᠨ ᠬᠠᠷᠢᠭᠤ ᠲᠤᠰᠬᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠬᠠᠮᠵᠢᠬᠤ ᠬᠡᠷᠡᠭᠲᠡᠢ᠃ ᠬᠤᠶᠠᠷ ᠲᠤ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠤᠨ ᠵᠥᠭᠡᠯᠡᠨ ᠬᠠᠲᠠᠭᠤ  ᠲᠤᠨᠤᠭ ᠤᠨ ᠲᠥᠬᠦᠭᠡᠷᠦᠮᠵᠢ ᠶᠢ ᠵᠢᠷᠤᠮᠵᠢᠭᠤᠯᠤᠨ ᠪᠠᠶᠢᠭᠤᠯᠵᠤ᠂ ᠠᠵᠢᠯ ᠤᠨ ᠲᠦᠷᠢᠮ ᠢ ᠲᠡᠭᠦᠯᠳᠡᠷᠵᠢᠭᠦᠯᠦᠨ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠤᠨ ᠲᠠᠪᠴᠠᠩ ᠳᠤ ᠲᠦᠰᠢᠭᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠵᠢᠴᠢ ᠨᠠᠮ ᠤᠨ ᠲᠡᠦᠬᠡ ᠶᠢᠨ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ  ᠦᠷᠨᠢᠬᠦᠯᠬᠦ ᠬᠡᠷᠡᠭᠲᠡᠢ᠃ ᠭᠤᠷᠪᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号