ᠠᠯᠳᠠᠨᠬᠢᠯᠢ ᠰᠤᠮᠤ ᠨᠢ ︽ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠶ᠎ᠠ︾ ᠬᠡᠬᠦ ᠭᠤᠣᠯ ᠰᠡᠳᠦᠪᠲᠦ ᠨᠢᠭᠤᠴᠠ ᠶᠢ ᠬᠠᠮᠠᠭᠠᠯᠠᠬᠤ ᠬᠠᠤᠯᠢ ᠶᠢᠨ ᠤᠬᠠᠭᠤᠯᠬᠤ ᠰᠠᠷ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2021/10/25
      ᠨᠢᠭᠤᠴᠠ ᠶᠢ ᠬᠠᠮᠠᠭᠠᠯᠠᠬᠤ ᠬᠠᠤᠯᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠨᠢᠭᠤᠴᠠ ᠶᠢ ᠬᠠᠮᠠᠭᠠᠯᠠᠬᠤ ᠤᠬᠠᠮᠰᠠᠷ ᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠠᠯᠳᠠᠨᠬᠢᠯᠢ ᠰᠤᠮᠤ ᠨᠢ ᠣᠯᠠᠨ ᠵᠦᠢᠯ ᠤᠨ ᠠᠷᠭ᠎ᠠ ᠭᠡᠯᠪᠡᠷᠢ ᠪᠠᠷ ︽ᠬᠤᠪᠢᠰᠬᠠᠯ ᠤᠨ ᠤᠳᠤᠮᠰᠢᠯ  ᠢ ᠤᠯᠠᠮᠵᠢᠯᠠᠨ ᠵᠠᠯᠭᠠᠮᠵᠢᠯᠠᠵᠤ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ  ᠴᠤᠬᠴᠠᠯᠠᠶ᠎ᠡ︾ ᠬᠡᠬᠦ ᠭᠤᠤᠯ ᠰᠡᠳᠦᠪᠲᠦ ᠨᠢᠭᠤᠴᠠ ᠶᠢ ᠬᠠᠮᠠᠭᠠᠯᠠᠬᠤ ᠬᠠᠤᠯᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ  ᠦᠷᠨᠢᠬᠦᠯᠪᠡ᠃
     ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠪᠠᠶᠢᠷᠢᠯᠠᠭᠤᠯᠤᠯᠲᠠ ᠬᠢᠪᠠ᠃ ᠮᠠᠨ ᠤ ᠰᠤᠮᠤ ᠨᠢ ᠬᠢᠯᠢ ᠶᠢᠨ ᠰᠤᠮᠤ ᠪᠣᠯᠤᠭᠰᠠᠨ ᠤ ᠬᠤᠪᠢ ᠳᠤ᠂ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠲᠡᠭᠦᠨ ᠢ ᠢᠮᠠᠭᠲᠠ ᠰᠤᠮᠤᠨ ᠤ ᠡᠳᠦᠷ ᠲᠤᠲᠤᠮ ᠤᠨ ᠴᠢᠬᠤᠯᠠ ᠵᠥᠪᠯᠡᠬᠦ ᠶᠠᠪᠤᠲᠠᠯ ᠳᠤ ᠤᠷᠤᠭᠤᠯᠤᠨ᠂ ᠰᠤᠮᠤᠨ ᠤ ᠭᠤᠤᠯᠳᠠᠯᠭ᠎ᠠ ᠲᠠᠢ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠲᠠᠪᠤᠷᠢᠵᠢᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠨᠢᠭᠤᠴᠠ ᠳᠤ ᠬᠤᠯᠪᠣᠭᠳᠠᠬᠤ ᠴᠢᠬᠤᠯᠠ ᠠᠵᠢᠯ ᠤᠨ ᠪᠠᠶᠢᠷᠢ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠨ᠂ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢ ᠡᠳᠦᠷ ᠲᠤᠳᠤᠮ ᠤᠨ ᠠᠵᠢᠯ ᠤᠨ ᠳᠤᠮᠳᠠ ᠪᠠᠨ ᠲᠤᠭᠤᠰᠢᠯᠠᠭᠤᠯᠪᠠ᠃ ᠨᠢᠭᠤᠴᠠ ᠶᠢ ᠬᠠᠮᠠᠭᠠᠯᠠᠬᠤ ᠬᠠᠤᠯᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠠᠵᠨ ᠲᠤᠬᠢᠶᠠᠯ ᠪᠤᠯᠭᠠᠨ᠂ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠠᠯᠳᠠᠨᠬᠢᠯᠢ ᠰᠤᠮᠤᠨ ᠤ ︿ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠴᠤᠬᠴᠠᠯᠠᠶ᠎ᠡ﹀ ᠬᠡᠬᠦ ᠭᠤᠤᠯ ᠰᠡᠳᠦᠪᠲᠦ ᠨᠢᠭᠤᠴᠠ ᠶᠢ ᠬᠠᠮᠠᠭᠠᠯᠠᠬᠤ ᠬᠠᠤᠯᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠲᠥᠰᠦᠯ︾ ᠢ ᠲᠣᠭᠲᠠᠭᠠᠵᠤ᠂ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ ᠳᠣᠭᠢᠷᠠᠭᠤᠯᠤᠨ᠂ ᠨᠢᠭᠤᠴᠠ ᠶᠢ ᠬᠠᠮᠠᠭᠠᠯᠠᠬᠤ ᠬᠠᠤᠯᠢ ᠶᠢᠨ ᠰᠤᠷᠤᠯᠴᠠᠯᠭ᠎ᠠ ᠤᠬᠠᠭᠤᠯᠭ᠎ᠠ ᠬᠥᠮᠦᠵᠢᠯ ᠢ ᠡᠮᠬᠢ ᠲᠢᠭᠯᠢᠮ ᠲᠠᠢ  ᠦᠷᠨᠢᠬᠦᠯᠪᠠ᠃
     ᠬᠤᠶᠠᠷ ᠲᠤ  ᠂ ᠨᠢᠭᠤᠴᠠ ᠶᠢ ᠬᠠᠮᠠᠭᠠᠯᠠᠬᠤ ᠬᠥᠮᠦᠵᠢᠯ ᠢ ᠴᠢᠩᠭᠠᠳᠬᠠᠵᠤ᠂ ᠰᠡᠷᠭᠡᠶᠢᠯᠡᠬᠦ ᠴᠢᠳᠠᠪᠤᠷᠢ ᠪᠠᠨ ᠲᠡᠭᠡᠭᠰᠢᠯᠡᠬᠦᠯᠪᠡ᠃ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ᠂ ᠨᠢᠭᠤᠴᠠ ᠶᠢ ᠬᠠᠮᠠᠭᠠᠯᠠᠬᠤ ᠬᠤᠪᠢᠰᠬᠠᠯ ᠤᠨ ᠤᠯᠠᠮᠵᠢᠯᠠᠯ ᠤᠨ ᠬᠥᠮᠦᠵᠢᠯ ᠪᠣᠯᠤᠨ ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠬᠥᠮᠦᠵᠢᠯ ᠢᠶᠠᠷ ᠭᠤᠣᠯ ᠰᠢᠵᠢᠮ ᠪᠣᠯᠭᠠᠭᠰᠠᠨ ᠨᠢᠭᠤᠴᠠ ᠶᠢ ᠬᠠᠮᠠᠭᠠᠯᠠᠬᠤ ᠬᠥᠮᠦᠵᠢᠯ ᠤᠨ ᠲᠥᠪᠯᠡᠷᠡᠩᠭᠦᠶ ᠪᠣᠯᠪᠠᠰᠤᠷᠠᠯ ᠢ ᠥᠷᠨᠢᠭᠦᠯᠵᠦ᠂ ᠭᠤᠣᠯᠳᠠᠭᠤ ᠴᠢᠯᠥᠭᠡᠯᠡᠬᠦ ᠲᠠᠶᠢᠨ ᠤ ᠦᠶ᠎ᠡ ᠶᠢᠨ ᠨᠢᠭᠤᠴᠠ ᠶᠢ ᠬᠠᠮᠠᠭᠠᠯᠠᠬᠤ ᠬᠤᠪᠢᠰᠬᠠᠯ ᠤᠨ ᠰᠤᠩᠭᠤᠮᠠᠯ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾᠂ ︽ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠶᠡᠷᠦ ᠶᠢᠨ ᠮᠡᠳᠡᠯᠭᠡ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠨᠣᠮᠧᠷ ᠤᠨ ᠬᠠᠤᠯᠢ︾ ᠪᠣᠯᠤᠨ ︽ᠨᠢᠭᠤᠴᠠ ᠶᠢ ᠬᠠᠮᠠᠭᠠᠯᠠᠬᠤ ᠬᠠᠤᠯᠢ ᠶᠢᠨ ᠬᠠᠮᠢᠶ᠎ᠠ ᠪᠦᠬᠦᠢ ᠬᠠᠤᠯᠢ ᠶᠢᠨ ᠵᠤᠷᠪᠤᠰ︾ ᠵᠢᠴᠢ ︽5 ᠮᠢᠨᠦ᠋ᠲ ᠲᠤ ᠨᠢᠭᠤᠴᠠ ᠶᠢ ᠬᠠᠮᠠᠭᠠᠯᠠᠬᠤ ᠬᠠᠤᠯᠢ ᠶᠢ ᠤᠶᠢᠯᠠᠭᠠᠬᠤ︾ ᠵᠡᠷᠭᠡ ᠶᠢ ᠰᠤᠨᠢᠷᠬᠠᠨ ᠰᠤᠷᠤᠯᠴᠠᠪᠡ᠃ ᠤᠯᠤᠰ ᠤᠨ ᠨᠢᠭᠤᠴᠠ ᠶᠢᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠬᠠᠮᠲᠤ ᠺᠠᠳ᠋ᠷ ᠠᠵᠢᠯᠳᠠᠨ ᠤ ᠨᠠᠮ ᠤᠨ ᠨᠢᠭᠤᠴᠠ ᠶᠢ ᠬᠠᠮᠠᠭᠠᠯᠠᠬᠤ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠨ ᠪᠠᠳᠠᠷᠠᠭᠤᠯᠬᠤ ᠶᠢ ᠵᠣᠷᠢᠭᠵᠢᠭᠤᠯᠪᠠ᠃
     ᠭᠤᠷᠪᠠ ᠳᠤ᠂ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ  ᠴᠤᠬᠴᠠᠯᠠᠪᠡ᠃ ᠨᠢᠭᠤᠴᠠ ᠶᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ  ᠬᠦᠨᠵᠡᠬᠡᠶᠢᠷᠠᠬᠦᠯᠬᠦ ᠶᠢᠨ ᠲᠥᠯᠥᠭᠡ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ᠨᠢᠭᠤᠴᠠ ᠶᠢ ᠬᠠᠮᠠᠭᠠᠯᠠᠬᠤ ᠬᠠᠤᠯᠢ︾ ᠶᠢ ᠮᠠᠯᠵᠢᠬᠤ ᠣᠷᠣᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠮᠠᠨ ᠤ ᠤᠯᠤᠰ ᠤᠨ ᠨᠢᠭᠤᠴᠠ ᠶᠢ ᠬᠠᠮᠠᠭᠠᠯᠠᠬᠤ ᠪᠠᠶᠢᠳᠠᠯ᠂ ᠨᠢᠭᠤᠴᠠ ᠶᠢ ᠵᠠᠳᠠᠷᠠᠭᠤᠯᠬᠤ ᠳᠠᠯᠳᠠ ᠬᠡᠮ᠂ ᠰᠡᠷᠡᠮᠵᠢᠯᠡᠭᠦᠯᠬᠦ ᠬᠡᠷᠡᠭ ᠤᠨ ᠵᠢᠱᠢᠶ᠎ᠡ᠂ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠵᠢᠱᠢᠭᠰᠡᠨ ᠦᠷ᠎ᠡ ᠪᠦᠲᠦᠮᠵᠢ ᠳᠡᠭᠡᠨ ᠬᠦᠷᠴᠦ᠂ ᠨᠡᠶᠢᠭᠡᠮ ᠨᠡᠶᠢᠲᠡ ᠶᠢᠨ ᠨᠢᠭᠤᠴᠠ ᠶᠢ ᠬᠠᠮᠠᠭᠠᠯᠠᠬᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠨᠡᠶᠢᠳᠡᠮ ᠬᠠᠮᠤᠷᠬᠤ ᠶᠢ ᠪᠡᠶᠡᠯᠡᠭᠦᠯᠵᠦ᠂ ᠣᠯᠠᠨ ᠲᠦᠮᠡᠨ ᠤ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠪᠡ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ 400 ᠭᠠᠷᠤᠶ ᠬᠤᠪᠢ ᠲᠠᠷᠬᠠᠭᠠᠵᠤ᠂ ᠨᠢᠭᠤᠴᠠ ᠶᠢ ᠬᠠᠮᠠᠭᠠᠯᠠᠬᠤ ᠬᠥᠨᠳᠡᠯᠡᠨ ᠪᠢᠴᠢᠭᠡᠰᠦ ᠶᠢ 2 ᠵᠤᠷᠪᠤᠰ ᠨᠠᠭᠠᠵᠤ᠂ ᠪᠠᠶᠢᠭᠤᠯᠤᠯᠭ᠎ᠠ ᠶᠢᠨ ︽ᠭᠤᠷᠪᠠᠨ ᠬᠤᠷᠠᠯ ᠨᠢᠭᠡ ᠬᠢᠴᠢᠶᠡᠯ︾  ᠳᠤ 2 ᠤᠳᠠᠭ᠎ᠠ ᠰᠤᠷᠤᠯᠴᠠᠵᠤ᠂ ᠸᠢᠴᠠᠲ ᠤᠨ ᠲᠠᠪᠴᠠᠩ ᠳᠤ 10 ᠭᠠᠷᠤᠶ ᠤᠳᠠᠭ᠎ᠠ ᠤᠬᠠᠭᠤᠯᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号