ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶ᠎ᠠ ᠶᠢᠨ ᠤᠨᠤᠯ ᠤᠨ ᠭᠤᠣᠯ ᠳᠤᠭᠤᠶᠢᠯᠠᠩ ᠤᠨ ᠠᠷᠪᠠᠨ ᠭᠤᠷᠪᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ︵ᠥᠷᠭᠡᠳᠬᠡᠭᠰᠡᠨ︶ ᠬᠤᠷᠠᠯ᠄ ᠨᠠᠮ ᠤᠨ ᠳᠣᠲᠣᠭᠠᠳᠤ ᠶᠢᠨ ᠬᠠᠤᠯᠢ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠠᠳᠬᠤᠨ᠎ᠠ︕
ᠨᠡᠶᠢᠲᠡᠯᠡᠭᠰᠡᠨ ᠴᠠᠭ᠄
2021/10/25
      10 ᠰᠠᠷ᠎ᠠ ᠶᠢᠨ 18 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠶ ᠪᠠᠯᠭᠠᠰᠤ ᠨᠠᠮ ᠤᠨ ᠬᠤᠷᠢᠶᠠᠨ ᠤ ᠣᠨᠣᠯ ᠤᠨ ᠭᠤᠤᠯ ᠳᠤᠭᠤᠶᠢᠯᠠᠩ ᠤᠨ ᠠᠷᠪᠠᠨ ᠭᠤᠷᠪᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠪᠠᠭ ᠤᠨ ᠭᠡᠰᠢᠭᠦᠨ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠱᠦᠵᠢ᠂ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠨᠠᠮ ᠤᠨ ᠭᠡᠰᠢᠭᠦᠨ ᠣᠷᠣᠯᠴᠠᠵᠠᠶ᠃      ᠬᠤᠷᠠᠯ ᠳᠡᠭᠡᠷ᠎ᠡ᠂  《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠣᠪᠴᠢ ᠲᠡᠦᠬᠡ︾ ︽ᠥᠭᠡᠷᠡᠴᠢᠯᠡᠯᠲᠡ ᠨᠡᠭᠡᠭᠡᠯᠲᠡ ᠶᠢᠨ ᠲᠣᠪᠴᠢ ᠲᠡᠦᠬᠡ︾ ︽ᠨᠡᠶᠢᠭᠡᠮ ᠵᠢᠷᠤᠮ ᠤᠨ ᠬᠥᠭᠵᠢᠯᠲᠡ ᠶᠢᠨ ᠲᠣᠪᠴᠢ ᠲᠡᠦᠬᠡ︾ ︽ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ  ︿ᠱᠠᠯᠢᠭ ᠵᠠᠪᠠᠭ᠋ᠠᠢ ᠵᠦᠢᠯᠡᠰ ᠢ  ᠠᠷᠢᠯᠭᠠᠬᠤ﹀ ᠠᠵᠢᠯ ᠤᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠬᠦ ᠲᠤᠬᠠᠶ ᠬᠡᠷᠡᠭᠵᠢᠭᠦᠯᠬᠦ ᠰᠠᠨᠠᠯ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠠᠷᠢᠮᠲᠠ ᠶᠢᠨ ᠠᠶᠤᠯᠭᠦᠶ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾ ︽ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠢᠴᠢ ︽ᠵᠧᠩ ᠬᠤᠩ ᠹᠠᠨ ᠨᠥᠬᠦᠷ ᠤᠨ ᠪᠥᠬᠦ ᠣᠷᠣᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠮᠤᠵᠢ ᠶᠢᠨ ᠱᠠᠲᠤᠨ ᠤ ︿ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠶ᠎ᠡ﹀ ᠭᠡᠬᠦ  ᠦᠢᠯᠡᠳᠦᠯᠭᠡ ᠶᠢᠨ ᠠᠵᠢᠯᠯᠠᠭ᠎ᠠ ᠶᠢᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠳᠡᠭᠡᠷ᠎ᠡ ᠬᠡᠯᠡᠭᠰᠡᠨ ᠦᠭᠡ︾ ︽ᠬᠤᠰᠢᠭᠤᠨ ᠤ ᠨᠠᠮ ᠤᠨ ᠬᠤᠷᠢᠶᠠᠨ ᠤ ᠱᠦᠵᠢ ᠬᠢᠩᠭᠠᠨ ᠤ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠵᠢᠴᠢ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ︾᠂ ︽ᠬᠤᠰᠢᠭᠤᠨ ᠤ ᠨᠠᠮ ᠤᠨ ᠬᠤᠷᠢᠶᠠᠨ ᠤ ᠱᠦᠵᠢ ᠬᠢᠩᠭᠠᠨ ᠤ ᠬᠤᠰᠢᠭᠤᠨ ᠤ ᠠᠮᠤᠷ  ᠲᠤᠭᠳᠠᠭᠤᠨ ᠵᠡᠭᠦᠨ ᠦᠵᠦᠮᠦᠴᠢᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ︾ ᠶᠢ ᠲᠥᠪᠯᠡᠷᠡᠭᠦᠯᠦᠨ ᠰᠤᠷᠤᠯᠴᠠᠪᠠ  ᠃ ᠡᠭᠦᠨ ᠤ ᠬᠠᠮᠲᠤ᠂ ᠬᠤᠷᠠᠯ ᠠᠴᠠ ᠪᠠᠰᠠ  《 ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯᠯᠠᠬᠤ ᠲᠦᠷᠢᠮ︾ ︽ᠰᠢᠨ᠎ᠡ ᠪᠠᠶᠢᠳᠠᠯ ᠤᠨ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠬᠤᠯᠠ ᠶᠡᠭᠡ ᠤᠴᠢᠷ ᠶᠠᠪᠤᠳᠠᠯ ᠤᠨ ᠲᠤᠬᠠᠶ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠬᠠᠭᠤᠯᠬᠤ ᠠᠵᠢᠯ ᠤᠨ ᠳᠦᠷᠢᠮ︾ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾᠂ ︽ᠨᠠᠮ ᠤᠨ  ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠵᠡᠷᠭᠡ ᠨᠠᠮ ᠤᠨ ᠳᠣᠲᠣᠭᠠᠳᠤ ᠶᠢᠨ 12 ᠬᠠᠤᠯᠢ ᠲᠣᠭᠲᠠᠭᠠᠯ ᠢ ᠵᠣᠬᠢᠶᠠᠨ ᠪᠠᠶᠢᠭᠤᠯᠵᠤ ᠰᠤᠷᠤᠯᠴᠠᠭᠤᠯᠪᠠ᠃      ᠬᠤᠷᠠᠯ ᠠᠴᠠ ᠴᠢᠩᠭᠠᠳᠬᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠮᠠᠨ ᠤ ᠨᠠᠮ ᠨᠢᠭᠡᠨᠲᠡ ︽ᠨᠡᠯᠢᠶᠡᠳ ᠪᠦᠷᠢᠨ ᠲᠡᠭᠦᠯᠳᠡᠷ ᠨᠠᠮ ᠤᠨ ᠳᠣᠲᠣᠭᠠᠳᠤ ᠶᠢᠨ ᠬᠠᠤᠯᠢ ᠲᠦᠷᠢᠮ ᠤᠨ  ᠰᠢᠰᠲ᠋ᠧᠮ ᠢ ᠪᠦᠷᠢᠯᠳᠦᠭᠦᠯᠵᠡᠢ︾ ᠭᠡᠵᠦ ᠨᠡᠶᠢᠲᠡᠯᠡᠪᠡ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠣᠯ ᠨᠠᠮ ᠤᠨ ᠭᠡᠰᠢᠭᠦᠨ ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠦᠨᠳᠦᠰᠦᠨ ᠵᠢᠷᠤᠮᠯᠠᠯ ᠪᠠ ᠦᠢᠯᠡ ᠠᠵᠢᠯᠯᠠᠭ᠎ᠠ ᠶᠢᠨ ᠵᠢᠷᠤᠮᠵᠢᠯ ᠮᠥᠨ᠂ ᠭᠠᠭᠴᠠ ᠬᠦ ᠬᠠᠤᠯᠢ ᠲᠣᠭᠲᠠᠭᠠᠯ ᠢ ᠰᠤᠷᠤᠯᠴᠠᠵᠤ᠂ ᠬᠠᠤᠯᠢ ᠲᠣᠭᠲᠠᠭᠠᠯ ᠠᠴᠠ ᠵᠢᠷᠦᠬᠡᠰᠢᠶᠡᠵᠦ᠂ ᠬᠠᠤᠯᠢ ᠲᠣᠭᠲᠠᠭᠠᠯ ᠢ ᠵᠢᠷᠤᠮᠯᠠᠵᠤ᠂ ᠬᠠᠤᠯᠢ ᠲᠣᠭᠲᠠᠭᠠᠯ ᠢ ᠰᠠᠶᠢᠲᠤᠷ ᠬᠡᠷᠡᠭᠯᠡᠪᠡᠯ ᠰᠠᠶ᠋ᠢ ᠲᠡᠷᠢᠭᠦᠨ ᠤ ᠴᠢᠨᠠᠷ ᠢ ᠨᠡᠮᠡᠭᠳᠡᠭᠦᠯᠬᠦ᠂ ᠴᠡᠪᠡᠷ ᠴᠢᠨᠠᠷ ᠢ ᠪᠠᠲᠤᠯᠠᠬᠤ ᠲᠠᠯ᠎ᠠ ᠪᠠᠷ ᠨᠡᠩ ᠤᠬᠠᠮᠰᠠᠷ ᠲᠠᠢ ᠪᠤᠯᠵᠤ ᠴᠢᠳᠠᠨ᠎ᠠ᠃         ᠬᠤᠷᠠᠯ ᠠᠴᠠ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠳᠡᠭᠡᠳᠦ  ᠬᠡᠮᠵᠢᠶ᠎ᠡ  ᠪᠠᠷ ᠴᠢᠬᠤᠯᠠᠴᠢᠯᠠᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ ᠳᠠᠭᠠᠨ᠄ ︽ᠤᠯᠤᠰ ᠢ ᠵᠠᠰᠠᠬᠤ ᠳᠤ ᠡᠷᠬᠡᠪᠰᠢ ᠤᠷᠢᠳᠠᠪᠠᠷ ᠨᠠᠮ ᠢ ᠵᠠᠰᠠᠬᠤ ᠬᠡᠷᠡᠭᠲᠡᠶ᠂ ᠨᠠᠮ ᠢ ᠵᠠᠰᠠᠬᠤ ᠳᠤ ᠡᠷᠬᠡᠪᠰᠢ ᠴᠢᠩᠭ᠎ᠠ ᠪᠠᠶᠢᠬᠤ ᠬᠡᠷᠡᠭᠲᠡᠶ︾ ᠭᠡᠵᠡᠶ᠃ ᠭᠡᠬᠦ ᠳᠡᠭᠡᠨ ᠴᠢᠩᠭ᠎ᠠ ᠪᠠᠶᠢᠬᠤ ᠳᠤ ᠡᠷᠬᠡᠪᠰᠢ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠶ᠃ ᠤᠢᠢᠷ᠎ᠠ ᠶᠢᠨ ᠵᠢᠯ ᠤᠳ ᠲᠤ᠂ ᠨᠠᠮ ᠤᠨ ᠳᠣᠲᠣᠭᠠᠳᠤ ᠳᠤ ᠠᠯᠢ ᠤᠯᠠᠨ ᠬᠠᠤᠯᠢ ᠲᠣᠭᠲᠠᠭᠠᠯ ᠤᠨ ᠲᠦᠷᠢᠮ ᠢ ᠵᠠᠯᠭᠠᠭ᠎ᠠ ᠪᠠᠷ ᠨᠡᠶᠢᠲᠡᠯᠡᠵᠦ᠂ ᠬᠠᠤᠯᠢ ᠲᠣᠭᠲᠠᠭᠠᠯ ᠤᠨ ᠲᠦᠷᠢᠮ ᠢᠶᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠨᠡᠩ ᠴᠢᠬᠤᠯᠠᠴᠢᠯᠠᠪᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠡᠷᠬᠡᠪᠰᠢ ᠬᠠᠤᠯᠢ ᠳᠦᠷᠢᠮ ᠢ ᠴᠢᠷᠮᠠᠶᠢᠨ ᠰᠤᠷᠤᠯᠴᠠᠵᠤ᠂ ᠤᠬᠠᠮᠰᠠᠷ ᠠᠴᠠ ᠪᠠᠨ ᠬᠠᠤᠯᠢ ᠲᠣᠭᠲᠠᠭᠠᠯ ᠢᠶᠠᠷ ᠥᠪᠡᠷ ᠢ ᠪᠠᠨ ᠱᠠᠭᠠᠷᠳᠠᠵᠤ᠂ ᠥᠪᠡᠷ ᠢ ᠪᠠᠨ ᠬᠠᠮᠢᠶᠠᠷᠴᠤ᠂ ᠥᠪᠡᠷ ᠢ ᠪᠠᠨ ᠪᠠᠶᠢᠴᠠᠭᠠᠨ ᠦᠵᠡᠵᠦ᠂ ᠴᠠᠭ ᠲᠤᠬᠠᠢ ᠳᠤᠨᠢ ᠲᠠᠭᠠᠨ ᠰᠤᠷᠤᠯᠴᠠᠵᠤ᠂ ᠭᠦᠨᠵᠡᠭᠡᠢ ᠰᠢᠰᠲ᠋ᠧᠮ ᠲᠠᠢ ᠰᠤᠷᠤᠯᠴᠠᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠰᠤᠷᠤᠯᠴᠠᠨ ᠬᠡᠷᠡᠭᠵᠢᠭᠦᠯᠬᠦ ᠶᠢ ᠲᠣᠭᠲᠠᠭᠠᠯ ᠶᠣᠰᠣᠭᠠᠷ ᠨᠠᠮ ᠢ ᠵᠠᠰᠠᠬᠤ᠂ ᠨᠠᠮ ᠢ ᠴᠢᠩᠭ᠎ᠠ ᠵᠠᠰᠠᠬᠤ ᠶᠢ ᠲᠦᠯᠬᠢᠨ ᠠᠬᠢᠭᠤᠯᠬᠤ ᠶᠢᠨ ᠰᠠᠭᠤᠷᠢ ᠴᠢᠨᠠᠷᠲᠠᠢ ᠡᠭᠦᠷᠭᠡ ᠪᠣᠯᠭᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠨᠢᠭᠡᠪᠦᠷᠢ ᠳᠤ ᠲᠠᠯᠪᠢᠬᠤ ᠦᠨᠳᠦᠰᠦᠨ ᠱᠠᠭᠠᠷᠳᠠᠯᠭ᠎ᠠ ᠪᠣᠯᠭᠠᠵᠤ᠂ ᠤᠯᠤᠰ ᠲᠦᠷᠦ ᠶᠢᠨ ᠲᠠᠯ᠎ᠠ ᠪᠠᠷ ᠪᠣᠯᠪᠠᠰᠤᠷᠠᠩᠭᠤᠢ ᠪᠣᠯᠤᠭᠰᠠᠨ᠂ ᠦᠵᠡᠯ ᠰᠠᠨᠠᠭᠠᠨ ᠤ ᠲᠠᠯ᠎ᠠ ᠪᠠᠷ ᠲᠡᠷᠢᠭᠦᠨ ᠤ ᠪᠣᠯᠤᠭᠰᠠᠨ᠂ ᠤᠯᠤᠰ ᠲᠦᠷᠦ ᠶᠢᠨ ᠲᠠᠯ᠎ᠠ ᠪᠠᠷ ᠬᠢᠷᠢ ᠲᠡᠩᠴᠡᠬᠦ ᠶᠢᠨ ᠡᠷᠬᠡᠪᠰᠢ ᠪᠦᠷᠢᠯᠳᠦᠭᠦᠯᠬᠦ ᠨᠥᠬᠦᠴᠡᠯ ᠪᠣᠯᠭᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠵᠢᠱᠢᠶᠡᠴᠢ ᠪᠠᠷ ᠲᠦᠷᠦᠭᠦᠯᠡᠨ ᠬᠡᠷᠡᠭᠵᠢᠭᠦᠯᠬᠦ ᠬᠡᠷᠡᠭᠲᠡᠶ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠭᠠᠭᠴᠠ ᠬᠦ ᠬᠦᠴᠦᠲᠡᠶ ᠬᠡᠷᠡᠭᠵᠢᠭᠦᠯᠵᠦ᠂ ᠪᠣᠳᠠᠲᠠᠶ ᠨᠠᠶᠢᠳᠠᠪᠤᠷᠢᠵᠢᠭᠤᠯᠪᠠᠯ ᠰᠠᠶ᠋ᠢ ᠰᠠᠶᠢᠨ ᠦᠷ᠎ᠡ ᠪᠦᠲᠦᠮᠵᠢ ᠣᠯᠵᠤ ᠴᠢᠳᠠᠨ᠎ᠠ᠃ ᠬᠠᠤᠯᠢ ᠲᠣᠭᠲᠠᠭᠠᠯ ᠢ ᠰᠠᠶᠢᠲᠤᠷ ᠰᠤᠷᠤᠯᠴᠠᠬᠤ ᠶᠢᠨ  ᠵᠡᠷᠭᠡᠴᠡᠭᠡᠷ ᠬᠠᠤᠯᠢ ᠲᠣᠭᠲᠠᠭᠠᠯ ᠢ ᠬᠦᠨᠳᠦᠳᠬᠡᠬᠦ᠂ ᠬᠠᠤᠯᠢ ᠲᠣᠭᠲᠠᠭᠠᠯ ᠢ ᠰᠠᠬᠢᠬᠤ᠂ ᠬᠠᠤᠯᠢ ᠲᠣᠭᠲᠠᠭᠠᠯ ᠢ ᠬᠡᠷᠡᠭᠯᠡᠬᠦ ᠶᠢ ᠪᠠᠷᠢᠮᠲᠠᠯᠠᠬᠤ ᠬᠡᠷᠡᠭᠲᠡᠶ᠃ ᠶᠠᠮᠠᠷ ᠠᠵᠢᠯ ᠤᠨ ᠪᠠᠶᠢᠷᠢ ᠳᠤ ᠪᠠᠶᠢᠭᠰᠠᠨ ᠴᠤ᠂ ᠶᠠᠮᠠᠷ ᠴᠠᠭ ᠦᠶ᠎ᠡ ᠳᠤ ᠪᠠᠶᠢᠭᠰᠠᠨ ᠴᠤ᠂ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠴᠥᠮ ᠤᠬᠠᠮᠰᠠᠷ ᠠᠴᠠ ᠪᠠᠨ ᠨᠠᠮ ᠤᠨ ᠰᠠᠬᠢᠯᠭ᠎ᠠ ᠪᠠᠲᠤ ᠨᠠᠮ ᠤᠨ ᠲᠣᠭᠲᠠᠭᠠᠯ ᠤᠨ ᠠᠭᠤᠯᠭ᠎ᠠ ᠶᠢᠨ ᠱᠠᠭᠠᠷᠳᠠᠯᠭ᠎ᠠ ᠪᠠᠷ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠵᠢᠷᠤᠮᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠪᠦᠬᠦ ᠶᠠᠪᠤᠴᠠ ᠶᠢ ᠵᠢᠯᠣᠭᠤᠳᠤᠨ ᠵᠢᠷᠤᠮᠵᠢᠭᠤᠯᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠢ ᠡᠷᠡᠰ ᠬᠠᠮᠠᠭᠠᠯᠠᠵᠤ᠂ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠠᠬᠢᠯᠭ᠎ᠠ ᠪᠠᠲᠤ ᠪᠠ ᠤᠯᠤᠰ ᠤᠨ ᠬᠠᠤᠯᠢ ᠴᠠᠭᠠᠵᠠ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠬᠤ ᠵᠢᠱᠢᠶᠡᠴᠢ ᠪᠣᠯᠬᠤ ᠪᠠᠷ ᠪᠠᠷᠠᠬᠤ ᠦᠭᠡᠢ ᠪᠠᠰᠠ ᠬᠠᠤᠯᠢ ᠶᠢ ᠵᠥᠷᠢᠴᠡᠵᠦ ᠰᠠᠬᠢᠯᠭ᠎ᠠ ᠶᠢ ᠰᠠᠮᠠᠭᠤᠷᠠᠭᠤᠯᠤᠭᠰᠠᠨ ᠵᠦᠢᠯ ᠵᠢᠰᠦᠮ ᠤᠨ ᠠᠵᠢᠯᠯᠠᠭ᠎ᠠ ᠲᠠᠢ ᠡᠷᠡᠰ ᠲᠡᠮᠡᠴᠡᠬᠦ ᠬᠡᠷᠡᠭᠲᠡᠶ᠃ ᠦᠨᠡᠨ ᠶᠣᠰᠣ ᠶᠢ ᠪᠠᠷᠢᠮᠲᠠᠯᠠᠵᠤ᠂ ᠵᠠᠷᠴᠢᠮ ᠢ ᠪᠠᠷᠢᠮᠲᠠᠯᠠᠵᠤ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠬᠠᠮᠠᠭᠠᠯᠠᠬᠤ ᠵᠢᠱᠢᠶᠡᠴᠢ ᠪᠤᠯᠵᠤ᠂ ᠰᠢᠨ᠎ᠡ ᠴᠠᠭ ᠦᠶ᠎ᠡ ᠳᠤ ᠨᠠᠮ ᠤᠨ ᠳᠣᠲᠣᠭᠠᠳᠤ ᠶᠢᠨ ᠬᠠᠤᠯᠢ ᠲᠦᠷᠢᠮ ᠢ ᠡᠷᠡᠰ ᠬᠠᠮᠠᠭᠠᠯᠠᠬᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠬᠡᠷᠡᠭᠲᠡᠢ᠃      ᠬᠤᠷᠠᠯ ᠠᠴᠠ ᠪᠠᠰᠠ ᠣᠨ ᠤ ᠬᠠᠷᠠᠯᠲᠠ ᠡᠭᠦᠷᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号