ᠵᠡᠭᠦᠨ ᠦᠵᠦᠮᠦᠴᠢᠨ ᠬᠤᠰᠢᠭᠤ ᠵᠡᠭᠦᠨ ᠬᠠᠲᠠᠪᠴᠢ ᠪᠣᠭᠤᠮᠲᠠ ᠶᠢᠨ ᠲᠤᠬᠠᠶ ᠶᠢᠨ ᠲᠠᠯᠠᠪᠠᠶ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/28
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠪᠠᠲᠤ ᠪᠠᠬᠢ ᠪᠠᠶᠢᠭᠤᠯᠵᠤ᠂ ᠵᠡᠭᠦᠨ ᠬᠠᠳᠠᠪᠴᠢ ᠪᠣᠭᠤᠮᠲᠠ ᠶᠢᠨ ᠪᠢᠲᠡᠭᠦᠮᠵᠢᠯᠡᠭᠰᠡᠨ ᠬᠠᠮᠢᠶᠠᠷᠣᠯᠲᠠ ᠶᠢᠨ ᠠᠵᠢᠯ ᠢ ᠪᠦᠬᠦ ᠬᠦᠴᠦᠨ ᠢᠶᠠᠷ ᠰᠠᠶᠢᠲᠣᠷ ᠬᠢᠬᠦ ᠶᠢᠨ ᠲᠦᠯᠦᠭᠡ᠂ 10 ᠰᠠᠷ᠎ᠠ ᠶᠢᠨ 22 ᠤᠨ ᠡᠳᠦᠷ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠢᠩᠭᠠᠨ ᠵᠡᠭᠦᠨ ᠦᠵᠦᠮᠦᠴᠢᠨ ᠪᠣᠭᠤᠮᠲᠠ ᠳᠤ ᠬᠦᠷᠴᠦ ᠲᠤᠬᠠᠢ ᠶᠢᠨ ᠲᠠᠯᠠᠪᠠᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠣᠭᠤᠯᠪᠠ᠃
     ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠳᠡᠳ᠋ ᠡᠷᠬᠢᠯᠡᠭᠴᠢ᠂ ᠪᠣᠭᠤᠮᠲᠠ ᠶᠢᠨ ᠠᠯᠪᠠᠨ ᠬᠡᠷ ᠤᠨ ᠡᠷᠬᠢᠯᠡᠭᠴᠢ ᠪᠠᠭᠠᠲᠤᠷ ᠬᠤᠷᠠᠯ ᠳᠤ ᠣᠷᠣᠯᠴᠠᠵᠤ᠂ ᠵᠡᠭᠦᠨ  ᠦᠵᠦᠮᠦᠴᠢᠨ ᠪᠣᠭᠤᠮᠲᠠ ᠶᠢᠨ ᠳᠠᠷᠤᠭ᠎ᠠ ᠳᠠᠪᠰᠢᠯᠲᠣ᠂ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠳᠠᠷᠤᠭ᠎ᠠ ᠫᠠᠩ ᡁᠢ ᠭᠠᠩ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠣᠣ ᠬᠠᠶ ᠰᠢᠶᠠ᠂ ᠠᠯᠲᠠᠨᠪᠠᠭᠠᠨ᠎ᠠ᠂ ᠰᠡᠴᠡᠨ᠂ ᠺᠧ ᠰᠢᠶᠤᠤ ᠮᠢᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠰᠢᠶᠤᠤ ᠮᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃      ᠬᠤᠷᠠᠯ ᠠᠴᠠ ᠪᠦᠬᠦ ᠤᠯᠤᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠪᠣᠯᠤᠨ ᠳᠡᠭᠡᠷ᠎ᠡ ᠱᠠᠲᠤᠨ ᠤ ᠤᠳᠤᠷᠢᠳᠤᠯᠭ᠎ᠠ ᠶᠢᠨ ᠬᠤᠯᠪᠣᠭᠳᠠᠯ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠪᠠ︔ ᠵᠡᠭᠦᠨ ᠦᠵᠦᠮᠦᠴᠢᠨ ᠪᠣᠭᠤᠮᠲᠠ᠂ ᠬᠢᠯᠢ ᠶᠢᠨ ᠪᠠᠶᠢᠴᠠᠭᠠᠯᠲᠠ᠂ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ ᠳᠤᠭᠤᠶᠢᠯᠠᠩ᠂ ᠪᠣᠭᠤᠮᠲᠠ᠂ ᠭᠠᠳᠠᠭᠠᠳᠤ ᠳᠤ ᠬᠤᠯᠪᠣᠭᠳᠠᠬᠤ ᠠᠵᠢᠯ ᠤᠨ ᠳᠤᠭᠤᠶᠢᠯᠠᠩ᠂ ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠂ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠳᠤᠭᠤᠶᠢᠯᠠᠩ ᠵᠡᠷᠭᠡ ᠲᠤᠰᠬᠠᠶ ᠠᠵᠢᠯ ᠤᠨ ᠳᠤᠭᠤᠶᠢᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
     ᠬᠢᠩᠭᠠᠨ ᠵᠢᠭᠠᠵᠤ ᠭᠠᠷᠭᠠᠭᠰᠠᠨ ᠨᠢ᠂ ᠣᠳᠣᠬᠠᠨ ᠳᠤ ᠣᠯᠠᠨ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠨᠣᠴᠢᠲᠠᠶ ᠪᠠᠶᠢᠵᠤ᠂ ᠠᠶᠤᠯ ᠲᠦᠭᠰᠢᠭᠦᠷᠢ ᠮᠥᠨ ᠬᠦ ᠣᠷᠣᠰᠢᠭᠰᠠᠭᠠᠷ ᠪᠠᠶᠢᠨ᠎ᠠ᠂ ᠢᠯᠠᠩᠭᠤᠶ᠎ᠠ ᠪᠣᠭᠤᠮᠲᠠ ᠳᠤ ᠠᠪᠴᠤ ᠬᠡᠯᠡᠪᠡᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠲᠦᠢᠯ ᠤᠨ ᠪᠡᠷᠬᠡ ᠬᠠᠲᠠᠭᠤᠵᠢᠯᠲᠠᠶ ᠪᠠᠶᠢᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠦᠭᠰᠢᠭᠦᠷᠢᠲᠦ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠤᠯᠠᠷᠠᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠠᠶᠠᠭᠳᠠᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠂ ᠵᠡᠭᠦᠨ ᠬᠠᠲᠠᠪᠴᠢ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠬᠤ ᠬᠡᠷᠡᠭᠲᠡᠶ᠃ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠠᠵᠢᠯ ᠤᠨ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠳᠣᠮᠳᠠᠳᠤ ᠮᠣᠩᠭᠤᠯ ᠤᠨ ᠲᠡᠷᠭᠡ ᠬᠥᠰᠬᠡ ᠶᠢ ᠰᠢᠯᠵᠢᠭᠦᠯᠬᠦ᠂ ᠡᠳ᠋ ᠪᠠᠷᠠᠭ᠎ᠠ ᠶᠢ ᠠᠷᠢᠭᠤᠳᠬᠠᠬᠤ᠂ ᠬᠥᠮᠦᠨ ᠢ ᠲᠤᠰᠠᠭᠠᠷᠯᠠᠬᠤ ᠵᠢᠴᠢ ᠬᠢᠨᠠᠨ ᠬᠠᠮᠢᠶᠠᠷᠬᠤ ᠲᠠᠯᠠᠪᠤᠷ ᠭᠠᠵᠠᠷ ᠢ ᠬᠠᠮᠢᠶᠠᠷᠤᠨ ᠡᠵᠡᠮᠳᠡᠬᠦ᠂ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠵᠡᠷᠭᠡ ᠡᠯ᠎ᠡ ᠭᠤᠭᠴᠤᠭ᠎ᠠ᠂ ᠡᠯ᠎ᠡ ᠬᠡᠯᠬᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠠᠵᠢᠯ ᠤᠨ ᠲᠥᠰᠦᠯ ᠢ ᠦᠨᠡᠨ ᠬᠦ ᠨᠢᠭᠲᠠ ᠬᠤᠯᠪᠣᠵᠤ᠂ ᠦᠨᠡᠨ ᠬᠦ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ      ᠲᠡᠷᠡ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠦᠵᠡᠯ ᠤᠬᠠᠮᠰᠠᠷ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ︽ᠳᠥᠷᠪᠡᠨ ᠡᠷᠲᠡ ᠪᠠᠶᠢᠬᠤ ᠱᠠᠭᠠᠷᠳᠠᠯᠭ᠎ᠠ︾ ᠶᠢ ᠰᠠᠶᠢᠲᠤᠷ ᠨᠠᠶᠢᠳᠠᠪᠤᠷᠢᠵᠢᠭᠤᠯᠤᠨ᠂ ᠪᠣᠭᠤᠮᠲᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠶᠠᠪᠤᠴᠠ ᠨᠢᠭᠡᠪᠦᠷᠢ᠂ ᠭᠤᠭᠴᠤᠭ᠎ᠠ ᠨᠢᠭᠡᠪᠦᠷᠢ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠦᠬᠦᠨ ᠢ ᠬᠠᠮᠣᠷᠠᠭᠤᠯᠬᠤ ᠪᠠᠶᠢᠴᠠᠭᠠᠯᠲᠠ ᠬᠢᠵᠦ᠂ ᠪᠣᠶ ᠪᠥᠬᠦᠶ ᠳᠤᠲᠠᠭᠳᠠᠯ ᠢ ᠲᠦᠢᠯᠪᠤᠷᠢᠲᠠᠶ ᠡᠷᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠪᠣᠭᠤᠮᠲᠠ ᠶᠢᠨ ᠬᠠᠮᠢᠶᠠᠷᠤᠨ ᠡᠵᠡᠮᠳᠡᠬᠦ ︽ᠪᠦᠷᠢᠨ ᠪᠢᠲᠡᠭᠦᠦ ᠴᠠᠭᠠᠷᠢᠭ᠂ ᠥᠴᠦᠬᠡᠨ ᠴᠦ ᠬᠦᠷᠦᠯᠴᠡᠬᠦ ᠥᠬᠡᠶ᠂ ᠵᠠᠶ ᠵᠠᠪᠰᠠᠷ ᠥᠬᠡᠶ︾ ᠶᠢ ᠦᠨᠡᠨᠬᠦ ᠪᠠᠲᠤᠯᠠᠬᠤ ᠬᠡᠷᠡᠭᠲᠡᠶ᠃ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠨᠢᠭᠲᠠ ᠬᠠᠮᠵᠢᠯᠴᠠᠨ᠂ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠴᠢᠩᠭᠠᠳᠬᠠᠵᠤ᠂ ᠠᠵᠢᠯ ᠤᠨ ᠬᠠᠮᠲᠤ ᠶᠢᠨ ᠬᠦᠴᠦᠨ ᠢ ᠪᠦᠷᠢᠯᠳᠦᠭᠦᠯᠵᠦ᠂ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠡᠯ᠎ᠡ ᠭᠤᠭᠴᠤᠭ᠎ᠠ ᠶᠢᠨ ᠲᠦᠭᠰᠢᠭᠦᠷᠢ ᠶᠢ ᠡᠵᠡᠮᠳᠡᠵᠦ ᠪᠣᠯᠬᠤ᠂ ᠵᠣᠯᠭᠠᠯᠴᠠᠭ᠎ᠠ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃      ᠬᠤᠷᠠᠯ ᠤᠨ ᠲᠠᠷᠠᠭ᠎ᠠ᠂ ᠬᠢᠩᠭᠠᠨ ᠵᠡᠷᠭᠡ ᠬᠥᠮᠦᠰ ᠪᠣᠭᠤᠮᠲᠠ ᠶᠢᠨ ᠲᠤᠰᠠᠭᠠᠷᠯᠠᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号