ᠵᠡᠭᠦᠨ ᠦᠵᠦᠮᠦᠴᠢᠨ ᠬᠤᠰᠢᠭᠤ 5 + 2 ᠬᠢᠴᠢᠶᠡᠯ ᠤᠨ ᠳᠠᠷᠠᠭᠠᠬᠢ ᠦᠶᠯᠡᠴᠢᠯᠡᠭᠡ ᠵᠢ‌ᠯᠠᠪᠳᠠᠭᠤᠨ ᠪᠠᠲᠤᠲᠠᠶ ᠠᠬᠢᠭᠤᠯᠵᠤ  ᠪᠤᠢ
ᠨᠡᠶᠢᠲᠡᠯᠡᠭᠰᠡᠨ ᠴᠠᠭ᠄
2021/10/8
      ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ‌ᠠᠴᠢ ᠬᠤᠯᠪᠣᠭᠳᠠᠯ ᠢ ᠭᠦᠶᠴᠡᠳ ᠲᠠᠨᠢᠵᠤ᠂ ᠬᠢᠴᠢᠶᠡᠯ ᠤᠨ ᠳᠠᠷᠠᠭᠠᠬᠢ ᠦᠶᠯᠡᠴᠢᠯᠡᠭᠡ ᠶᠢ  ︽ᠲᠠᠪᠤᠨ ᠲᠦᠷᠦᠯ ᠤᠨ ᠬᠠᠮᠢᠶᠠᠷᠤᠯᠲᠠ  ︾ ᠪᠠ ︽ᠬᠤᠶᠠᠷ ᠢ ᠬᠦᠩᠭᠡᠷᠡᠭᠦᠯᠬᠦ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠭᠤᠯᠭ᠎ᠠ‌‍ᠪᠣᠯᠭᠠᠵᠤ᠂ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠰᠤᠷᠤᠭᠴᠢᠳ ᠤᠨ ᠣᠯᠠᠨ ᠶᠠᠩᠵᠤ ᠶᠢᠨ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠠᠴᠠ ᠨᠢ ᠬᠠᠩᠭᠠᠵᠤ᠂ ᠰᠤᠷᠤᠭᠴᠢᠳ ᠤᠨ ᠰᠤᠷᠭᠠᠭᠤᠯᠢ ᠳᠤ ᠪᠠᠨ ᠰᠤᠷᠤᠯᠴᠠᠬᠤ᠂ ᠭᠦᠶᠴᠡᠳ ᠰᠤᠷᠬᠤ ᠂ ᠰᠠᠶᠢᠲᠤᠷ ᠰᠤᠷᠤᠯᠴᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 2021 ᠣᠨ ᠤ ᠨᠠᠮᠤᠷ ᠤᠨ ᠰᠤᠷᠤᠯᠭ᠎ᠠ  ᠶᠢᠨ ᠬᠤᠭᠤᠴᠠᠭ᠎ᠠ ᠠᠴᠠ ᠡᠬᠢᠯᠡᠨ ᠵᠡᠭᠦᠨ ᠦᠵᠦᠮᠦᠴᠢᠨ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠪᠦᠬᠦᠨ ᠢᠶᠠᠷ ᠢᠶᠠᠨ 5 + 2 ᠬᠢᠴᠢᠶᠡᠯ ᠤᠨ ᠳᠠᠷᠠᠭᠠᠬᠢ ᠦᠶᠯᠡᠴᠢᠯᠡᠭᠡ ᠶᠢ  ᠬᠡᠷᠡᠭᠵᠢᠭᠦᠯᠵᠡᠢ᠃      ᠨᠢᠭᠡ ᠳᠤ᠂ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠡᠢ᠃ ᠬᠤᠰᠢᠭᠤ᠂ ᠰᠤᠷᠭᠠᠭᠤᠯᠢ ᠬᠤᠶᠠᠷ ᠱᠠᠲᠤᠨ ᠤ ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠠᠵᠢᠯ ᠤᠨ ᠤᠳᠤᠷᠢᠳᠬᠤ ᠳᠤᠭᠤᠶᠢᠯᠠᠩ‌ᠢ ᠪᠠᠶᠢᠭᠤᠯᠵᠤ᠂  ︽ᠵᠡᠭᠦᠨ ᠦᠵᠦᠮᠦᠴᠢᠨ ᠬᠤᠰᠢᠭᠤᠨ ᠤ 5 + 2 ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠠᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠳᠤᠭᠲᠠᠭᠠᠨ ᠳᠠᠷᠤᠮᠠᠯᠯᠠᠨ ᠲᠠᠷᠬᠠᠭᠠᠵᠤ᠂ ᠠᠵᠢᠯᠲᠠᠨ ᠤ ᠲᠣᠬᠢᠷᠠᠭᠤᠯᠤᠯᠲᠠ᠂ ᠦᠶᠯᠡᠴᠢᠯᠡᠭᠡᠨ ᠤ ᠠᠭᠤᠯᠭ᠎ᠠ᠂ ᠵᠠᠷᠤᠳᠠᠯ ᠤᠨ ᠪᠠᠲᠤᠯᠠᠭ᠎ᠠ᠂ ᠠᠮᠤᠷ ᠲᠦᠪᠰᠢᠨ ᠤ ᠬᠠᠮᠢᠶᠠᠷᠤᠯᠲᠠ‌ᠵᠡᠷᠭᠡ‌ᠡᠯ᠎ᠡ‌ᠵᠦ᠋ᠶᠯ ᠤᠨ ᠠᠵᠢᠯ ᠳᠤ ᠲᠣᠳᠣᠷᠬᠠᠶ ᠪᠠᠶᠢᠷᠢᠯᠠᠭᠤᠯᠤᠯᠲᠠ ᠬᠢᠵᠦ᠂ ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠤᠷᠤᠭᠰᠢᠲᠠᠶ ᠶᠠᠪᠤᠭᠳᠠᠬᠤ ᠶᠢ ᠪᠦᠲᠦᠮᠵᠢᠲᠡᠶ ᠪᠠᠲᠤᠯᠠᠪᠠ᠃      ᠬᠤᠶᠠᠷ ᠲᠤ᠂ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠠᠢ᠃ ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠲᠥᠷᠥ ᠶᠢᠨ ᠪᠣᠳᠣᠯᠭ᠎ᠠ‌‍ᠶᠢ ᠬᠥᠮᠦᠨ ᠪᠦᠬᠦᠨ ᠮᠡᠳᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠭᠰᠢ ᠨᠠᠷ ᠢ ᠵᠣᠬᠢᠶᠠᠨ ᠪᠠᠶᠢᠭᠤᠯᠵᠤ ᠰᠤᠷᠤᠭᠴᠢᠳ ᠤᠨ ᠬᠡᠷ ᠪᠦᠯᠢ ᠳᠤ ᠭᠦᠨᠵᠡᠭᠡᠶᠢᠷᠡᠨ ᠲᠥᠷᠥ ᠶᠢᠨ ᠪᠣᠳᠣᠯᠭ᠎ᠠ‌‍ᠶᠢ ᠤᠬᠠᠭᠤᠯᠤᠨ ᠲᠠᠶᠢᠯᠪᠤᠷᠢᠯᠠᠬᠤ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ︽ᠵᠡᠭᠦᠨ ᠦᠵᠦᠮᠦᠴᠢᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠬᠡᠷ  ᠤᠨ ᠠᠬᠠᠮᠠᠳ ᠲᠤ ᠮᠡᠳᠡᠭᠳᠡᠬᠦ ᠪᠢᠴᠢᠭ︾ ᠢ ᠨᠡᠶᠢᠲᠡᠯᠡᠬᠦ ᠵᠡᠷᠭᠡ‌ᠠᠷᠭ᠎ᠠ‌ᠮᠠᠶ᠋ᠢᠭ ᠢᠶᠠᠷ ᠳᠠᠮᠵᠢᠭᠤᠯᠤᠨ᠂ ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠥᠷᠭᠡᠨ ᠣᠯᠠᠨ ᠰᠣᠷᠣᠭᠴᠢ ᠪᠠ ᠬᠡᠷ  ᠤᠨ ᠠᠬᠠᠮᠠᠳ ᠲᠤ ᠴᠠᠭ ᠲᠤᠬᠠᠶ ᠳᠤᠨᠢ ᠤᠬᠠᠭᠤᠯᠤᠨ ᠲᠠᠶᠢᠯᠪᠤᠷᠢᠯᠠᠵᠤ᠂ ᠰᠣᠷᠣᠭᠴᠢ ᠵᠢᠴᠢ ᠬᠡᠷ ᠤᠨ ᠠᠬᠠᠮᠠᠳ ᠤᠨ ᠣᠶᠢᠯᠠᠭᠠᠯᠲᠠ ᠪᠠ ᠵᠥᠪᠰᠢᠶᠡᠷᠡᠯ ᠢ ᠦᠨᠡᠨ ᠬᠦ ᠤᠯᠪᠠ  ᠃      ᠭᠤᠷᠪᠠ‌‍ᠳᠤ᠂ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ  ᠬᠦᠩᠭᠡᠷᠡᠭᠦᠯᠵᠡᠢ᠃  ︽ᠳᠤᠮᠳᠠᠳᠤ ᠪᠠᠭ᠎ᠠ‌‍ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠬᠤ ︿ᠠᠷᠪᠠᠨ ᠴᠢᠩᠭ᠎ᠠ ᠠᠷᠪᠠᠨ ᠴᠠᠭᠠᠵᠠᠯᠠᠬᠤ﹀︾᠂ ︽ᠰᠤᠷᠭᠠᠭᠤᠯᠢ ᠡᠷᠭᠢᠯᠡᠬᠦ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ ᠳᠤᠮᠳᠠᠳᠤ ᠪᠠᠭ᠎ᠠ‌‍ᠰᠤᠷᠭᠠᠭᠤᠯᠢ ᠶᠢᠨ ᠰᠤᠷᠤᠭᠴᠢᠳ ᠤᠨ ᠬᠡᠲᠦ ᠬᠦᠨᠳᠦ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠬᠦ ᠲᠤᠬᠠᠶ ᠬᠡᠷᠡᠭᠵᠢᠭᠦᠯᠬᠦ ᠲᠥᠰᠦᠯ︾ ᠵᠡᠷᠭᠡ ᠳᠠᠷᠤᠭᠠᠰᠤ ᠶᠢ ᠬᠥᠩᠭᠡᠷᠡᠭᠦᠯᠬᠦ ᠰᠢᠷᠢᠰ ᠪᠢᠴᠢᠭ‌ᠮᠠᠲ᠋ᠧᠷᠢᠶᠠᠯ ᠢ ᠡᠮᠬᠢᠯᠡᠨ ᠲᠣᠭᠲᠠᠭᠠᠵᠤ᠂ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠪᠣᠳᠠᠲᠠᠶ ᠱᠠᠭᠠᠷᠳᠠᠯᠭ᠎ᠠ‌‍ᠶᠢ ᠤᠯᠠᠮ ᠨᠢᠭᠡ‌ᠠᠯᠬᠤᠮ ᠲᠣᠳᠣᠷᠬᠠᠶᠢᠯᠠᠵᠤ᠂ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠶᠡᠷᠦᠩᠬᠡᠶ ᠬᠡᠮᠵᠢᠶ᠎ᠡ‌‍ᠶᠢ ᠴᠢᠩᠭ᠎ᠠ ᠬᠢᠵᠠᠭᠠᠷᠯᠠᠵᠠᠢ᠃ ᠡᠯ᠎ᠡ‌‍ᠰᠤᠷᠭᠠᠭᠤᠯᠢ ᠨᠢ ᠰᠤᠷᠭᠠᠭᠤᠯᠢ ᠶᠢᠨ ᠳᠠᠰᠬᠠᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠰᠤᠷᠭᠠᠭᠤᠯᠢ ᠶᠢᠨ ᠵᠠᠬᠢᠷᠤᠯ ᠢᠶᠠᠷ ᠨᠢᠭᠡᠳᠦᠭᠡᠷ ᠬᠠᠷᠢᠭᠤᠴᠠᠯᠭᠠᠲᠠᠨ ᠪᠣᠯᠭᠠᠭᠰᠠᠨ‌ᠠᠵᠢᠯ ᠤᠨ ᠲᠣᠭᠲᠠᠴᠠ ᠶᠢ  ᠪᠠᠶᠢᠭᠤᠯᠪᠠ᠃ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢ ᠨᠢᠭᠡᠳᠦᠯᠲᠡᠶ ᠲᠥᠯᠥᠪᠯᠡᠬᠦ ᠪᠠ‌ᠨᠡᠶᠢᠲᠡ ᠳᠤ ᠵᠠᠷᠯᠠᠬᠤ ᠳᠦᠷᠢᠮ ᠢ ᠪᠠᠶᠢᠭᠤᠯᠵᠤ᠂ ᠠᠩᠭᠢ ᠶᠢᠨ ᠡᠷᠬᠢᠯᠡᠭᠴᠢ‌ᠡᠴᠡ ᠠᠩᠭᠢ  ᠶᠢᠨ ᠳᠠᠰᠬᠠᠯ ᠳᠠᠭᠠᠭᠠᠯᠭᠠᠪᠤᠷᠢ ᠶᠢᠨ ᠶᠡᠷᠦᠩᠬᠡᠶ ᠬᠡᠮᠵᠢᠶ᠎ᠡ‌‍ᠶᠢ ᠲᠣᠬᠢᠷᠠᠭᠤᠯᠤᠨ ᠡᠵᠡᠮᠳᠡᠬᠦ ᠶᠢ ᠬᠠᠷᠢᠭᠤᠴᠠᠵᠤ᠂ ᠣᠨ ᠤ ᠳᠤᠭᠤᠶᠢᠯᠠᠩ ᠪᠣᠯᠤᠨ ᠬᠢᠴᠢᠶᠡᠯ ᠬᠥᠮᠦᠵᠢᠯ ᠤᠨ ᠭᠠᠵᠠᠷ ᠠᠴᠠ ᠲᠤᠰ ᠲᠤᠰ ᠪᠦᠬᠦ ᠠᠩᠭᠢ ᠪᠣᠯᠤᠨ ᠪᠦᠬᠦ ᠰᠤᠷᠭᠠᠭᠤᠯᠢ ᠶᠢᠨ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠶᠡᠷᠦᠩᠬᠡᠶ ᠬᠡᠮᠵᠢᠶ᠎ᠡ‌‍ᠶᠢ ᠲᠣᠬᠢᠷᠠᠭᠤᠯᠤᠨ ᠡᠵᠡᠮᠳᠡᠬᠦ ᠶᠢ ᠬᠠᠷᠢᠭᠤᠴᠠᠵᠤ᠂ ᠳᠠᠰᠬᠠᠯ ᠳᠠᠭᠠᠭᠠᠯᠭᠠᠪᠤᠷᠢ ᠶᠢᠨ ᠶᠡᠷᠦᠩᠬᠡᠶ ᠬᠡᠮᠵᠢᠶ᠎ᠡ ᠶᠢ ᠵᠦᠶ ᠵᠣᠬᠢᠰᠲᠠᠶ ᠬᠡᠪᠴᠢᠶᠡᠨ  ᠳᠤ ᠬᠢᠵᠠᠭᠠᠷᠯᠠᠬᠤ ᠶᠢ ᠦᠨᠡᠨᠬᠦ ᠪᠠᠲᠤᠯᠠᠵᠤ᠂ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ  ᠬᠦᠩᠭᠡᠷᠡᠭᠦᠯᠵᠡᠢ᠃      ᠳᠥᠷᠪᠡ ᠳᠤ᠂ ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠶᠠᠰᠤ ᠴᠢᠨᠠᠷ ᠢ ᠪᠠᠲᠤᠯᠠᠵᠠᠢ᠃ ᠰᠤᠷᠤᠭᠴᠢᠳ  ᠤᠨ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠪᠠ‌‍ᠬᠡᠷ ᠤᠨ ᠠᠬᠠᠮᠠᠳ ᠤᠨ ᠠᠵᠢᠯ ᠠᠴᠠ ᠪᠠᠨ ᠪᠠᠭᠤᠬᠤ ᠴᠠᠭ ᠲᠠᠢ ᠤᠶᠠᠯᠳᠤᠭᠤᠯᠤᠨ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ 5 + 2 ᠬᠢᠴᠢᠶᠡᠯ ᠤᠨ ᠳᠠᠷᠠᠭᠠᠬᠢ ᠦᠶᠯᠡᠴᠢᠯᠡᠭᠡ‌ᠦᠷᠨᠢᠭᠦᠯᠵᠡᠢ᠃ ᠡᠯ᠎ᠡ ᠳᠤᠮᠳᠠᠳᠤ ᠪᠠᠭ᠎ᠠ‌‍ᠰᠤᠷᠭᠠᠭᠤᠯᠢ ᠨᠢ ︽ᠨᠢᠭᠡ‌‍ᠰᠤᠷᠭᠠᠭᠤᠯᠢ ᠨᠢᠭᠡ‌‍ᠲ᠋ᠦ᠋ᠰᠦᠯ︾ ᠤᠨ ᠱᠠᠭᠠᠷᠳᠠᠯᠭ᠎ᠠ ᠶᠣᠰᠣᠭᠠᠷ᠂ ᠪᠠᠭᠰᠢ ᠨᠠᠷ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠤᠨ ᠰᠤᠷᠤᠭᠴᠢᠳ ᠲᠤ ᠣᠨᠴᠠ ᠵᠠᠷᠢᠮ ᠬᠠᠪᠰᠤᠷᠤᠨ ᠵᠢᠯᠣᠭᠤᠳᠬᠤ ᠪᠠ‌‍ᠬᠢᠴᠢᠶᠡᠯ ᠰᠤᠷᠤᠯᠭ᠎ᠠ‌‍ᠶᠢᠨ ᠠᠰᠠᠭᠤᠳᠠᠯ ᠢ ᠨᠢ ᠬᠠᠷᠢᠭᠤᠯᠵᠤ᠂ ᠰᠤᠷᠤᠯᠭ᠎ᠠ‌‍ᠰᠠᠶᠢᠲᠠᠶ ᠰᠤᠷᠤᠭᠴᠢᠳ ᠲᠤ ᠰᠤᠷᠤᠯᠴᠠᠬᠤ ᠣᠷᠣᠨ ᠵᠠᠶ ᠵᠢ‌ᠨᠢ ᠦᠷᠭᠡᠵᠢᠭᠦᠯᠵᠦ ᠦᠭᠴᠡᠢ᠃ ᠡᠭᠦᠨ ᠤ ᠬᠠᠮᠲᠤ᠂ ᠰᠤᠷᠤᠭᠴᠢᠳ ᠢ ᠵᠣᠬᠢᠶᠠᠨ ᠪᠠᠶᠢᠭᠤᠯᠵᠤ ᠤᠳᠬ᠎ᠠ‌ᠤᠷᠠᠯᠢᠭ᠂ ᠪᠡᠶ᠎ᠡ‌‍ᠶᠢᠨ ᠲᠠᠮᠢᠷ᠂ ᠬᠥᠳᠡᠯᠮᠦᠷᠢ᠂ ᠤᠩᠰᠢᠯᠭ᠎ᠠ᠂ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ᠂ ᠰᠢᠨᠵᠢᠯᠡᠬᠦ ᠤᠬᠠᠭᠠᠨ  ᠢ ᠲᠦᠭᠡᠮᠡᠯᠵᠢᠭᠦᠯᠬᠦ ᠳᠤᠷ᠎ᠠ‌‍ᠰᠣᠨᠢᠷᠬᠠᠯ ᠤᠨ ᠳᠤᠭᠤᠶᠢᠯᠠᠩ‌ᠵᠢᠴᠢ ᠨᠡᠶᠢᠭᠡᠮ ᠨᠡᠶᠢᠲᠡ ᠶᠢᠨ ᠠᠵᠢᠯᠯᠠᠭ᠎ᠠ ᠵᠡᠷᠭᠡ ᠬᠢᠴᠢᠶᠡᠯ  ᠤᠨ ᠳᠠᠷᠠᠭᠠᠬᠢ ᠡᠯᠪᠡᠭ ᠪᠠᠶᠠᠯᠢᠭ ᠦᠶᠯᠡᠴᠢᠯᠡᠭᠡᠨ ᠤ ᠠᠭᠤᠯᠭ᠎ᠠ ᠶᠢ ᠥᠷᠨᠢᠭᠦᠯᠵᠦ᠂ ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠲᠠᠲᠠᠬᠤ ᠬᠦᠴᠦᠨ ᠢ ᠲᠠᠰᠤᠷᠠᠯᠲᠠ ᠥᠬᠡᠶ ᠨᠡᠮᠡᠭᠳᠡᠭᠦᠯᠵᠡᠢ᠃      ᠲᠠᠪᠤ ᠳᠤ᠂ ᠠᠵᠢᠯ ᠤᠨ ᠬᠢᠨᠠᠨ ᠡᠵᠡᠮᠳᠡᠬᠦ ᠲᠣᠭᠲᠠᠴᠠ ᠶᠢ ᠴᠢᠩᠭᠠᠳᠬᠠᠵᠠᠢ᠃ ᠡᠯ᠎ᠡ‌‍ᠰᠤᠷᠭᠠᠭᠤᠯᠢ ᠨᠢ ᠳᠠᠰᠬᠠᠯ  ᠤᠨ ᠬᠠᠮᠢᠶᠠᠷᠤᠯᠲᠠ ᠶᠢ ᠬᠢᠨᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠭᠠᠵᠠᠷ᠂ ᠠᠩᠭᠢ ᠨᠢᠭᠡᠴᠡ ᠠᠴᠠ ᠰᠤᠷᠤᠭᠴᠢᠳ ᠤᠨ ᠭᠠᠷᠠᠭ ᠪᠦᠷᠢ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠭᠲᠠᠨ᠎ᠠ︶ ᠬᠡᠷ ᠪᠦᠯᠢ ᠶᠢᠨ ᠪᠢᠴᠢᠭ ᠤᠨ ᠳᠠᠰᠬᠠᠯ ᠢ ᠬᠢᠨᠠᠨ ᠬᠠᠷᠭᠤᠭᠤᠯᠵᠤ ᠪᠦᠷᠢᠳᠬᠡᠨ ᠳᠠᠩᠰᠠᠯᠠᠵᠤ᠂ ᠬᠢᠨᠠᠨ ᠬᠠᠷᠭᠤᠭᠤᠯᠤᠭᠠᠳ ᠪᠠᠲᠤᠯᠠᠭᠰᠠᠨ ᠳᠠᠰᠬᠠᠯ ᠢ ᠴᠠᠭ ᠲᠤᠬᠠᠶ ᠳᠤᠨᠢ QQ ᠪᠦᠯᠦᠭ᠂ ᠸᠢᠴᠠᠲ ᠬᠤᠯᠪᠤᠭ᠎ᠠ‌ᠵᠡᠷᠭᠡ ᠪᠠᠷ ᠳᠠᠮᠵᠢᠭᠤᠯᠤᠨ ᠳᠠᠰᠬᠠᠯ ᠢ ᠨᠢ ᠢᠯᠡ ᠨᠡᠶᠢᠲᠡᠯᠡᠨ᠎ᠡ᠃ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ‌‍ᠲ᠋ᠠᠶ ᠪᠠᠷ ᠦᠯᠢᠭᠡᠷ ᠠᠪᠬᠤ ᠠᠷᠭ᠎ᠠ‌ᠮᠠᠶ᠋ᠢᠭ ᠢᠶᠠᠷ ᠳᠠᠰᠬᠠᠯ ᠤᠨ ᠪᠠᠶᠢᠳᠠᠯ ᠳᠤ ᠬᠢᠨᠠᠨ ᠬᠡᠮᠵᠢᠯᠲᠡ ᠬᠢᠵᠦ᠂ ᠭᠡᠷ ᠪᠦᠯᠢ ᠶᠢᠨ ᠵᠥᠪᠯᠡᠯ ᠤᠨ ᠪᠦᠷᠢᠯᠳᠦᠬᠦᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠴᠢᠶᠡᠯ ᠤᠨ ᠪᠢᠴᠢᠭ‌‍ᠢᠶ᠋ᠡᠷ ᠭᠡᠷ ᠪᠦᠯᠢ ᠶᠢᠨ ᠳᠠᠰᠬᠠᠯ ᠪᠠᠶᠢᠷᠢᠯᠠᠭᠤᠯᠬᠤ ᠪᠠᠶᠢᠴᠠᠭᠠᠯᠲᠠ ᠶᠢ ᠰᠠᠶᠢᠲᠤᠷ ᠬᠢᠵᠡᠢ᠃ ᠡᠭᠦᠨ  ᠤ ᠬᠠᠮᠲᠤ᠂ ᠡᠯ᠎ᠡ‌‍ᠲ᠋ᠤᠮᠳᠠᠳᠤ ᠪᠠᠭ᠎ᠠ‌‍ᠰᠤᠷᠭᠠᠭᠤᠯᠢ ︽ᠭᠤᠷᠪᠠᠨ ᠲᠦᠷᠢᠮ︾ ︵ᠳᠠᠷᠤᠶ᠄ ᠰᠣᠷᠣᠭᠴᠢ ᠶᠢᠨ ᠮᠡᠳᠡᠭᠡ ᠵᠠᠩᠭᠢ ᠶᠢ ᠳᠠᠩᠰᠠᠯᠠᠬᠤ ᠲᠦᠷᠢᠮ᠂ ᠰᠣᠷᠣᠭᠴᠢ ᠶᠢᠨ ᠰᠤᠷᠭᠠᠭᠤᠯᠢ ᠳᠤ  ᠬᠦᠷᠬᠦ ᠶᠢ ᠳᠠᠩᠰᠠᠯᠠᠬᠤ ᠲᠦᠷᠢᠮ᠂ ᠰᠣᠷᠣᠭᠴᠢ ᠶᠢᠨ ᠠᠮᠤᠷ ᠲᠦᠪᠰᠢᠨ ᠢᠶᠠᠷ ᠰᠤᠷᠭᠠᠭᠤᠯᠢ ᠠᠴᠠ ᠰᠠᠯᠤᠭᠰᠠᠨ ᠢ ᠮᠡᠳᠡᠭᠦᠯᠬᠦ ᠲᠦᠷᠢᠮ︶ ᠤᠨ ︽ᠳᠥᠷᠪᠡᠨ ᠠᠯᠬᠤᠮ ᠳᠠᠷᠠᠭᠠᠯᠠᠯ︾ ︵ᠳᠠᠷᠤᠶ᠄ ᠵᠠᠪᠰᠠᠷ ᠥᠬᠡᠶ ᠠᠮᠤᠷ ᠲᠦᠪᠰᠢᠨ ᠢᠶᠠᠷ ᠰᠤᠷᠭᠠᠭᠤᠯᠢ ᠲᠠᠷᠬᠠᠬᠤ᠂ ᠨᠠᠷᠢᠨ ᠨᠢᠮᠪᠠᠶ ᠨᠡᠷ᠎ᠡ‌‍ᠲ᠋ᠤᠷᠠᠳᠤᠨ ᠠᠵᠢᠯ ᠳᠤ ᠭᠠᠷᠬᠤ᠂ ᠲᠣᠳᠣᠷᠬᠠᠶ ᠵᠢᠷᠤᠮᠵᠢᠭᠤᠨ ᠪᠥᠭᠡᠳ ᠨᠠᠷᠢᠨ ᠬᠢᠨᠠᠮᠠᠭᠠᠶ ᠵᠣᠬᠢᠶᠠᠨ ᠪᠠᠶᠢᠭᠤᠯᠬᠤ᠂ ᠠᠮᠤᠷ ᠲᠦᠪᠰᠢᠨ ᠢᠶᠠᠷ ᠰᠤᠷᠭᠠᠭᠤᠯᠢ ᠠᠴᠠ ᠰᠠᠯᠬᠤ ᠶᠢ ᠠᠩᠬᠠᠷᠬᠤ︶ ᠤᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠠᠮᠤᠷ ᠲᠦᠪᠰᠢᠨ ᠢ ᠪᠠᠲᠤᠯᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号