ᠵᠡᠭᠦᠨ ᠬᠠᠲᠠᠪᠴᠢ ᠶᠢᠨ ᠬᠢᠯᠢ ᠶᠢᠨ ᠪᠠᠶᠢᠴᠠᠭᠠᠯᠲᠠ ᠶᠢᠨ ᠥᠷᠲᠡᠭᠡ ︿︿ᠠᠷᠪᠠᠨ ᠰᠠᠷ᠎ᠠ ᠶᠢᠨ ᠨᠢᠭᠡᠨ ᠢ ᠪᠡᠯᠭᠡᠯᠡᠵᠦ᠂ ᠤᠯᠤᠰ ᠤᠨ ᠲᠤᠭ ᠮᠠᠨᠳᠤᠭᠤᠯᠬᠤ﹀﹀ ᠶᠣᠰᠣᠯᠠᠯ ᠡᠷᠬᠢᠯᠡᠪᠡ
ᠨᠡᠶᠢᠲᠡᠯᠡᠭᠰᠡᠨ ᠴᠠᠭ᠄
2021/10/8
      ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 72 ᠵᠢᠯ ᠤᠨ ᠣᠶ ᠶᠢ  ᠪᠠᠶᠠᠷᠯᠠᠨ ᠪᠡᠯᠭᠡᠯᠡᠬᠦ ᠶᠢᠨ ᠲᠥᠯᠥᠭᠡ᠂ 9 ᠰᠠᠷ᠎ᠠ ᠶᠢᠨ 29 ᠤ ᠡᠳᠦᠷ ᠤᠨ ᠥᠷᠯᠥᠭᠡ᠂ ᠵᠡᠭᠦᠨ ᠬᠠᠲᠠᠪᠴᠢ ᠶᠢᠨ ᠬᠢᠯᠢ ᠶᠢᠨ ᠪᠠᠶᠢᠴᠠᠭᠠᠯᠲᠠ ᠶᠢᠨ ᠥᠷᠲᠡᠭᠡ᠂ ᠨᠡᠭᠦᠳᠡᠯ ᠬᠤᠯᠪᠤᠭ᠎ᠠ‌‍ᠺᠣᠮᠫᠠᠨᠢ ᠶᠢᠨ ᠮᠠᠨ ᠤ ᠬᠤᠰᠢᠭᠤᠨ ᠳᠠᠬᠢ ᠬᠤᠪᠢᠶᠠᠷᠢ ᠺᠣᠮᠫᠠᠨᠢ ᠪᠣᠯᠤᠨ ᠨᠠᠪᠴᠢᠨ ᠲᠠᠮᠠᠬᠢ ᠲᠤᠰᠬᠠᠢ ᠬᠤᠳᠠᠯᠳᠤᠬᠤ  ᠲᠣᠪᠴᠢᠶ᠎ᠠ‌‍ᠲ᠋ᠠᠶ ᠬᠠᠮᠲᠤᠷᠠᠨ ︿︿ᠠᠷᠪᠠᠨ ᠰᠠᠷ᠎ᠠ ᠶᠢᠨ ᠨᠢᠭᠡᠨ ᠢ ᠪᠡᠯᠭᠡᠯᠡᠵᠦ᠂ ᠤᠯᠤᠰ ᠤᠨ ᠲᠤᠭ ᠮᠠᠨᠳᠤᠭᠤᠯᠬᠤ﹀﹀ ᠶᠣᠰᠣᠯᠠᠯ ᠡᠷᠬᠢᠯᠡᠨ ᠶᠠᠪᠣᠭᠳᠠᠭᠤᠯᠵᠣ᠂ ᠪᠦᠬᠦ ᠠᠷᠠᠳ ᠤᠨ ᠴᠠᠭᠳᠠᠭ᠎ᠠ‌‍ᠪᠣᠯᠤᠨ ᠺᠠᠳ᠋ᠷ ᠠᠵᠢᠯᠲᠠᠨ ᠶᠣᠰᠣᠯᠠᠯ ᠳᠤ ᠣᠷᠣᠯᠴᠠᠪᠠ  ᠃      8 ᠴᠠᠭ 40 ᠮᠢᠨᠦ᠋ᠲ ᠲᠤ᠂ ᠶᠣᠰᠣᠯᠠᠯ ᠵᠢᠩᠬᠢᠨᠢ ᠪᠠᠷ ᠡᠬᠢᠯᠡᠵᠦ᠂ ᠭᠤᠷᠪᠠᠨ ᠲᠤᠭ ᠬᠠᠮᠠᠭᠠᠯᠠᠭᠴᠢ ᠢᠳᠡᠷᠡᠭᠦᠨ ᠵᠢᠪᠬᠤᠭᠠᠯᠢᠭ ᠠᠯᠬᠤᠭ᠎ᠠ‌‍ᠪᠠᠷ ᠤᠯᠤᠰ ᠤᠨ ᠲᠤᠭ ᠢ ᠬᠠᠮᠠᠭᠠᠯᠠᠨ᠂ ᠰᠦᠷ ᠵᠢᠪᠬᠤᠯᠠᠩᠲᠤ ︿︿ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ﹀﹀ ᠶᠢᠨ ᠳᠤᠮᠳᠠ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠰᠠᠯᠬᠢᠨ ᠤ ᠠᠶ᠎ᠠ‌‍ᠪᠠᠷ ᠨᠠᠮᠢᠷᠠᠨ᠎ᠠ᠃ ᠠᠷᠠᠳ ᠤᠨ ᠴᠠᠭᠳᠠᠭ᠎ᠠ‌ᠨᠠᠷ ᠤᠯᠤᠰ ᠤᠨ ᠲᠤᠭ ᠲᠤ ᠬᠠᠨᠳᠤᠨ ᠲᠥᠪ ᠴᠢᠩᠭ᠎ᠠ ᠪᠠᠷ ᠶᠣᠰᠤᠯᠠᠵᠤ᠂ ᠣᠯᠠᠨ ᠢᠶᠠᠷ ᠢᠶᠠᠨ ᠬᠦᠨᠳᠦᠳᠬᠡᠯ ᠳᠡᠪᠰᠢᠭᠦᠯᠵᠡᠢ  ᠃      ᠦᠩᠭᠡᠷᠡᠭᠰᠡᠨ 9 ᠰᠠᠷ᠎ᠠ ᠶᠢᠨ ᠲᠤᠷᠰᠢ᠂ ᠵᠡᠭᠦᠨ ᠬᠠᠳᠠᠪᠴᠢ ᠬᠢᠯᠢ ᠶᠢᠨ ᠪᠠᠶᠢᠴᠠᠭᠠᠯᠲᠠ ᠶᠢᠨ ᠥᠷᠲᠡᠭᠡ ᠶᠢᠨ ᠪᠥᠬᠦ ᠠᠷᠠᠳ ᠤᠨ ᠴᠠᠭᠳᠠᠭ᠎ᠠ‌ᠥᠷᠲᠡᠭᠡᠨ ᠤ ᠨᠠᠮ ᠤᠨ ᠬᠤᠷᠢᠶᠠᠨ ᠤ ᠪᠠᠲᠤ ᠴᠢᠩᠭ᠎ᠠ‌ᠤᠳᠤᠷᠢᠳᠤᠯᠭ᠎ᠠ ᠳᠣᠤᠷ᠎ᠠ᠂ ᠠᠵᠢᠯ  ᠤᠨ ᠪᠠᠶᠢᠷᠢ ᠪᠠᠨ ᠪᠠᠲᠤ ᠰᠠᠬᠢᠵᠤ᠂ ᠬᠦᠴᠢᠷ ᠢ ᠰᠥᠷᠴᠦ ᠣᠷᠣᠭᠰᠢ ᠳᠠᠪᠰᠢᠨ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠶᠴᠡᠳᠬᠡᠵᠦ᠂  ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ  ᠶᠢ ᠪᠡᠯᠭᠡᠯᠡᠬᠦ ᠠᠵᠢᠯᠯᠠᠭ᠎ᠠ ᠶᠢᠨ ᠠᠮᠤᠷ ᠲᠣᠭᠲᠠᠭᠤᠨ ᠢ ᠪᠠᠲᠣᠯᠠᠬᠤ ᠪᠠ ︿︿ᠬᠢᠵᠢᠭ ᠬᠠᠯᠳᠠᠪᠣᠷᠢᠯᠠᠨ ᠣᠷᠣᠵᠤ ᠢᠷᠡᠬᠦ  ᠶᠢ ᠰᠡᠷᠭᠡᠶᠢᠯᠡᠵᠦ᠂ ᠰᠦᠷᠳᠡᠭᠦᠯᠦᠯ ᠢ ᠡᠰᠡᠷᠭᠦᠴᠡᠵᠦ᠂ ᠪᠤᠴᠠᠯᠲᠠ ᠶᠢ ᠰᠡᠷᠭᠡᠶᠢᠯᠡᠬᠦ﹀﹀ ᠵᠡᠷᠭᠡ ᠣᠯᠠᠨ ᠠᠷᠪᠢᠨ  ᠬᠦᠨᠳᠦ ᠴᠢᠬᠤᠯᠠ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ᠂ ᠪᠥᠬᠦ ᠥᠷᠲᠡᠭᠡᠨ ᠤ ᠠᠷᠠᠳ ᠤᠨ ᠴᠠᠭᠳᠠᠭ᠎ᠠ ᠶᠢᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠢ ᠳᠦᠷᠬᠦ ᠶᠢ ᠭᠦᠶᠴᠡᠳ ᠢᠯᠡᠷᠡᠭᠦᠯᠪᠡ᠃ ᠬᠤᠶᠢᠰᠢᠲᠠ ᠪᠥᠬᠦ ᠠᠷᠠᠳ ᠤᠨ ᠴᠠᠭᠳᠠᠭ᠎ᠠ‌ᠣᠭ ᠰᠠᠨᠠᠭ᠎ᠠ‌‍ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠲᠤᠯᠤᠭᠠᠨ ᠰᠠᠷ᠎ᠠ ᠶᠢᠨ ᠨᠢᠭᠡᠨ ᠤ ᠶᠠᠷᠢᠶ᠎ᠠ ᠪᠣᠯᠤᠨ ᠴᠢᠬᠤᠯᠠ ᠰᠤᠷᠭᠠᠯ ᠦᠭᠡ ᠪᠠᠷ ᠵᠢᠯᠣᠭᠤᠳᠣᠯᠭ᠎ᠠ‌‍ᠪᠣᠯᠭᠠᠵᠤ᠂ ᠦᠨᠡᠨᠴᠢ ᠰᠢᠳᠤᠷᠭᠤ ᠪᠠᠷ ᠴᠢᠷᠮᠠᠶᠢᠨ ᠵᠢᠳᠭᠦᠵᠦ᠂ ᠴᠢᠩᠭ᠎ᠠ‌ᠨᠢᠮᠪᠠᠢ ᠪᠠᠷ ᠬᠠᠷᠢᠭᠤᠴᠠᠨ ᠭᠦᠢᠴᠡᠳᠭᠡᠬᠦ ᠢᠷᠠᠭᠤ ᠠᠯᠳᠠᠷᠲᠤ ᠤᠯᠠᠮᠵᠢᠯᠠᠯ ᠢᠶᠠᠨ ᠢᠮᠠᠭᠲᠠ ᠪᠠᠳᠠᠷᠠᠭᠤᠯᠵᠣ᠂ ᠰᠢᠷᠭᠠᠭᠤ ᠠᠵᠢᠯᠯᠠᠵᠤ᠂ ᠪᠣᠳᠠᠲᠠᠶ‌ᠠᠵᠢᠯᠯᠠᠨ᠂ ᠴᠢᠷᠮᠠᠶᠢᠨ ᠠᠵᠢᠯᠯᠠᠬᠤ ᠠᠵᠢᠯ ᠤᠨ ᠡᠷᠴᠢ ᠵᠣᠷᠢᠭ ᠢᠶᠠᠨ ᠢᠮᠠᠭᠲᠠ ᠪᠠᠷᠢᠮᠲᠠᠯᠠᠨ᠂ ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠪᠠᠨ ᠭᠦᠢᠴᠡᠳᠭᠡᠵᠦ᠂ ᠡᠷᠡᠯᠬᠡᠭᠯᠡᠨ ᠤᠷᠤᠭᠰᠢᠯᠠᠬᠤ ᠠᠵᠢᠯ ᠤᠨ ᠪᠠᠶᠢᠳᠠᠯ ᠢ ᠢᠮᠠᠭᠲᠠ ᠪᠠᠷᠢᠮᠲᠠᠯᠠᠵᠤ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠦᠶᠯᠡᠰ ᠢ ᠲᠦᠯᠬᠢᠨ‌ᠠᠬᠢᠭᠤᠯᠵᠣ᠂ ᠬᠦᠴᠢᠷ ᠢ ᠰᠦᠷᠦᠨ᠂ ᠠᠯᠤᠰ ᠢ ᠵᠣᠷᠢᠨ ᠯᠠᠪᠳᠠᠭᠤᠨ ᠢᠶᠠᠷ ᠤᠷᠤᠭᠰᠢᠯᠠᠬᠤ ᠪᠤᠯᠤᠨ᠎ᠠ  ᠃      ᠣᠯᠠᠨ ᠢᠶᠠᠷ ᠢᠶᠠᠨ᠂ ᠤᠯᠤᠰ ᠢᠶᠠᠨ ᠬᠠᠶᠢᠷᠠᠯᠠᠬᠤ ᠣᠷᠭᠢᠯᠤᠮ᠎ᠠ‌‍ᠰᠡᠳᠬᠢᠯᠭᠡ ᠪᠠᠨ ᠡᠷᠡᠮᠡᠬᠡᠶᠢᠯᠡᠨ ᠳᠠᠪᠰᠢᠵᠣ᠂ ᠣᠷᠣᠭᠰᠢ ᠳᠠᠪᠰᠢᠬᠤ ᠪᠠᠷᠠᠭᠳᠠᠰᠢ ᠥᠬᠡᠶ ᠬᠥᠳᠡᠯᠭᠡᠬᠦ ᠬᠦᠴᠦᠨ ᠪᠣᠯᠭᠠᠵᠤ᠂ ᠣᠭ ᠰᠠᠨᠠᠭ᠎ᠠ ᠪᠠᠨ ᠥᠯᠥ ᠮᠠᠷᠲᠠᠨ᠂  ᠵᠣᠷᠢᠭ ᠰᠢᠨᠲᠠᠷᠠᠰᠢ ᠦᠭᠡᠢ ᠡᠷᠡᠮᠡᠬᠡᠶᠢᠯᠡᠨ ᠲᠡᠮᠡᠴᠡᠵᠦ᠂ ᠤᠯᠤᠰ ᠤᠨ ᠬᠢᠯᠢ ᠶᠢᠨ ᠪᠣᠭᠤᠮᠲᠠ ᠶᠢᠨ ᠠᠮᠤᠷ ᠲᠦᠪᠰᠢᠨ ᠢ ᠬᠠᠮᠠᠭᠠᠯᠠᠵᠤ᠂ ᠲᠣᠭᠲᠠᠭᠤᠨ ᠢ ᠪᠠᠲᠣᠯᠠᠬᠤ ᠪᠠ‌ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠵᠡᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号