ᠮᠠᠨ ᠤ ᠬᠤᠰᠢᠭᠤ ᠰᠣᠩᠭᠤᠭᠤᠯᠢ ᠶᠢᠨ ᠵᠥᠪᠯᠡᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/10/8
      9 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠰᠣᠩᠭᠤᠭᠤᠯᠢ ᠶᠢᠨ ᠵᠥᠪᠯᠡᠯ ᠤᠨ ᠠᠩᠬᠠᠳᠤᠭᠠᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠠᠢ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ‌ᠵᠧᠦ ᠸᠧ ᠮᠢᠨ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠥᠬᠡ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ‌‍ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠵᠠᠩ ᠶᠢᠨ ᠯᠢᠶᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠳᠡᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠠᠶ ᠪᠤᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠤᠶᠤᠨᠭᠡᠷᠡᠯ᠂ ᠳᠠᠪᠰᠢᠯᠲᠤ ᠵᠢᠴᠢ ᠬᠤᠰᠢᠭᠤ ᠰᠣᠩᠭᠤᠭᠤᠯᠢ ᠶᠢᠨ ᠵᠥᠪᠯᠡᠯ ᠤᠨ ᠪᠦᠷᠢᠯᠳᠦᠬᠦᠨ ᠬᠤᠷᠠᠯ ᠳᠤ  ᠤᠷᠤᠯᠴᠠᠵᠠᠢ  ᠃      ᠬᠤᠷᠠᠯ ᠠᠴᠠ ︽ᠵᠡᠭᠦᠨ ᠦᠵᠦᠮᠦᠴᠢᠨ ᠬᠤᠰᠢᠭᠤᠨ ᠤ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ‌‍ᠰᠣᠯᠢᠬᠤ ᠰᠣᠩᠭᠤᠭᠤᠯᠢ ᠶᠢᠨ ᠠᠵᠢᠯ ᠤᠨ ᠬᠡᠷᠡᠭᠵᠢᠭᠦᠯᠬᠦ ᠲᠥᠰᠦᠯ︾᠂ ︽ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠣᠩᠭᠤᠭᠤᠯᠢ ᠶᠢᠨ ᠲᠣᠭᠤᠷᠢᠭ  ᠢ ᠬᠤᠪᠢᠶᠠᠷᠢᠯᠠᠬᠤ ᠪᠠ‌ᠣᠷᠣᠨ ᠲᠤᠭ᠎ᠠ‌‍ᠶᠢ ᠬᠤᠪᠢᠶᠠᠷᠢᠯᠠᠬᠤ ᠲᠥᠰᠦᠯ  ︾᠂  ︽ᠵᠡᠭᠦᠨ ᠦᠵᠦᠮᠦᠴᠢᠨ ᠬᠤᠰᠢᠭᠤᠨ ᠤ ᠬᠤᠰᠢᠭᠤ ᠪᠠ‌‍ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ‌‍ᠰᠣᠯᠢᠬᠤ ᠰᠣᠩᠭᠤᠭᠤᠯᠢ ᠶᠢᠨ ᠰᠣᠩᠭᠤᠭᠤᠯᠢ ᠶᠢᠨ ᠠᠷᠠᠳ ᠢ ᠪᠦᠷᠢᠳᠬᠡᠬᠦ ᠠᠷᠭ᠎ᠠ︾ ᠪᠠ ︽ᠵᠡᠭᠦᠨ ᠦᠵᠦᠮᠦᠴᠢᠨ ᠬᠤᠰᠢᠭᠤᠨ ᠤ ᠰᠣᠩᠭᠤᠭᠤᠯᠢ ᠶᠢᠨ ᠵᠥᠪᠯᠡᠯ ᠠᠴᠠ ᠰᠣᠩᠭᠤᠭᠤᠯᠢ ᠶᠢᠨ ᠠᠷᠠᠳ ᠲᠤ ᠥᠭᠭᠦᠭᠰᠡᠨ ᠢᠯᠡ ᠵᠠᠬᠢᠳᠠᠯ  ︾ ᠢ ᠬᠢᠨᠠᠨ ᠵᠥᠪᠯᠡᠵᠦ ᠪᠠᠲᠤᠯᠠᠪᠠ᠃      ᠬᠢᠩᠭᠠᠨ ᠵᠢᠭᠠᠬᠤ  ᠳᠠᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ‌‍ᠰᠣᠯᠢᠬᠤ ᠰᠣᠩᠭᠤᠭᠤᠯᠢ ᠪᠣᠯ ᠲᠥᠷᠥ ᠶᠢᠨ ᠪᠣᠳᠣᠯᠭ᠎ᠠ‌‍ᠶᠢᠨ ᠴᠢᠨᠠᠷ᠂ ᠬᠠᠤᠯᠢ ᠴᠠᠭᠠᠵᠠ ᠶᠢᠨ ᠴᠢᠨᠠᠷ᠂ ᠵᠢᠷᠤᠮ ᠤᠨ ᠴᠢᠨᠠᠷ ᠢᠶᠠᠷ ᠮᠠᠰᠢ ᠴᠢᠩᠭ᠎ᠠ‌ᠠᠵᠢᠯ ᠮᠥᠨ᠂ ᠲᠣᠰ ᠤᠳᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ‌ᠮᠥ᠋ᠴᠢᠷ ᠤᠨ ᠬᠢᠨ ᠬᠤᠭᠤᠴᠠᠭ᠎ᠠ‌‍ᠰᠣᠯᠢᠬᠤ ᠰᠣᠩᠭᠤᠭᠤᠯᠢ ᠶᠢᠨ ᠬᠤᠯᠪᠣᠭᠳᠠᠯ ᠪᠥᠬᠦᠶ ᠪᠢᠴᠢᠭ‌ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠭᠦᠨᠵᠡᠭᠡᠶ ᠣᠶᠢᠯᠠᠭᠠᠵᠤ᠂ ᠨᠠᠮ ᠪᠣᠯᠤᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠨᠢᠭᠲᠠ ᠬᠠᠮᠵᠢᠯᠴᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠤᠭᠤᠴᠠᠭ᠎ᠠ ᠰᠣᠯᠢᠬᠤ ᠡᠭᠦᠷᠭᠡ ᠪᠠᠨ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠡᠢ  ᠃      ᠬᠢᠩᠭᠠᠨ ᠴᠢᠬᠤᠯᠠᠴᠢᠯᠠᠬᠤ ᠳᠠᠭᠠᠨ᠂ ᠰᠤᠩᠬᠤᠭᠤᠯᠢ ᠶᠢᠨ ᠵᠦᠪᠯᠡᠯ ᠤᠨ ᠪᠦᠷᠢᠯᠳᠦᠬᠦᠨ ᠨᠡᠷ ᠳᠡᠭᠡᠳᠦ ᠬᠡᠮᠵᠢᠶᠡᠨ  ᠤ ᠤᠯᠤᠰ ᠳᠦᠷᠦ ᠶᠢᠨ ᠡᠭᠦᠷᠭᠡ‌ᠬᠠᠷᠢᠭᠤᠴᠠᠯᠭᠠᠲᠤ  ᠰᠡᠳᠬᠢᠯᠭᠡ ᠪᠠᠷ ᠬᠤᠭᠤᠴᠠᠭ᠎ᠠ‌‍ᠰᠣᠯᠢᠬᠤ ᠰᠤᠩᠬᠤᠭᠤᠯᠢ ᠶᠢᠨ ᠬᠤᠯᠪᠣᠭᠳᠠᠯ ᠪᠦᠭᠦᠢ ᠬᠠᠤᠯᠢ ᠴᠠᠭᠠᠵᠠ ᠪᠣᠯᠤᠨ ᠳᠦᠷᠦ ᠶᠢᠨ ᠪᠤᠲᠤᠯᠭ᠎ᠠ‌‍ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ᠬᠠᠤᠯᠢ ᠴᠠᠭᠠᠵᠠ ᠪᠣᠯᠤᠨ ᠳᠦᠷᠦ ᠶᠢᠨ ᠪᠤᠲᠤᠯᠭ᠎ᠠ ᠶᠢᠨ ᠲᠣᠭᠲᠠᠭᠠᠯ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠷ ᠰᠠᠶᠢᠲᠤᠷ ᠬᠡᠷᠡᠭᠯᠡᠵᠦ᠂ ᠰᠤᠩᠭᠤᠭᠤᠯᠢ ᠶᠢᠨ ᠶᠠᠪᠤᠴᠠ ᠳᠠᠬᠢ ᠡᠯ᠎ᠡ‌ᠵᠦ᠋ᠢᠯ ᠤᠨ ᠠᠵᠢᠯ ᠢᠶᠠᠨ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃  ᠬᠤᠰᠢᠭᠤ ᠰᠤᠩᠬᠤᠭᠤᠯᠢ ᠶᠢᠨ ᠵᠦᠪᠯᠡᠯ ᠤᠨ ᠪᠦᠷᠢᠯᠳᠦᠬᠦᠨ ᠵᠢᠴᠢ‌ᠠᠯᠪᠠᠨ ᠭᠡᠷ  ᠤᠨ ᠠᠵᠢᠯᠲᠠᠳ ᠠᠵᠢᠯ ᠤᠨ ᠰᠠᠨᠠᠭᠠᠴᠢᠯᠠᠭᠠᠲᠤ ᠴᠢᠨᠠᠷ ᠪᠠ‌ᠢᠳᠡᠪᠬᠢᠵᠢᠯ ᠢᠶᠠᠨ ᠤᠬᠠᠮᠰᠠᠷ ᠠᠴᠠ ᠪᠠᠨ ᠴᠢᠩᠭᠠᠳᠬᠠᠵᠤ᠂ ᠳᠡᠭᠡᠳᠦ ᠬᠡᠮᠵᠢᠶᠡᠨ ᠤ ᠤᠯᠤᠰ ᠳᠦᠷᠦ ᠶᠢᠨ ᠡᠭᠦᠷᠭᠡ ᠬᠠᠷᠢᠭᠤᠴᠠᠯᠭᠠᠲᠤ ᠰᠡᠳᠬᠢᠯᠭᠡ‌‍ᠪᠡᠷ ᠬᠤᠭᠤᠴᠠᠭ᠎ᠠ‌‍ᠰᠣᠯᠢᠬᠤ  ᠰᠤᠩᠭᠤᠭᠤᠯᠢ ᠶᠢᠨ ᠠᠵᠢᠯ ᠳᠤ ᠣᠷᠣᠯᠴᠠᠵᠤ᠂ ᠰᠤᠷᠤᠯᠴᠠᠯᠭ᠎ᠠ‌‍ᠪᠠᠨ ᠴᠢᠩᠭᠠᠳᠬᠠᠨ᠂ ᠯᠠᠪᠳᠠᠭᠤᠨ ᠪᠠᠲᠤᠲᠠᠢ ᠠᠵᠢᠯᠯᠠᠵᠤ᠂ ᠪᠦᠲᠦᠮᠵᠢᠲᠡᠢ ᠪᠠᠷ ᠠᠬᠢᠭᠤᠯᠵᠤ᠂ ᠰᠤᠩᠭᠤᠭᠤᠯᠢ   ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠤᠯᠪᠣᠭᠳᠠᠬᠤ ᠬᠡᠪᠴᠢᠶ᠎ᠡ‌ᠥᠷᠭᠡᠨ᠂ ᠱᠠᠭᠠᠷᠳᠠᠯᠭ᠎ᠠ‌ᠥᠨᠳᠥᠷ ᠪᠣᠯᠬᠤᠷ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠠᠵᠢᠯᠯᠠᠭᠤᠯᠬᠤ ᠶᠢ ᠵᠢᠷᠤᠮᠵᠢᠭᠤᠯᠵᠤ᠂ ᠲᠤᠷᠰᠢᠯᠭ᠎ᠠ‌‍ᠪᠠ‌ᠠᠷᠭ᠎ᠠ‌‍ᠪᠠᠷᠢᠯ ᠢᠶᠠᠨ ᠳ᠋ᠦᠩᠨᠡᠬᠦ ᠳᠡᠭᠡᠨ ᠴᠢᠳᠠᠮᠠᠭᠠᠶ ᠪᠠᠶᠢᠵᠤ᠂ ᠬᠤᠭᠤᠴᠠᠭ᠎ᠠ ᠰᠣᠯᠢᠬᠤ ᠰᠣᠩᠭᠤᠭᠤᠯᠢ  ᠶᠢᠨ ᠰᠠᠬᠢᠯᠭ᠎ᠠ ᠪᠠᠲᠤ ᠶᠢ ᠴᠢᠩᠳᠠᠯᠠᠨ᠂ ᠬᠤᠭᠤᠴᠠᠭ᠎ᠠ‌‍ᠰᠣᠯᠢᠬᠤ ᠰᠣᠩᠭᠤᠭᠤᠯᠢ ᠶᠢᠨ ᠠᠵᠢᠯ ᠤᠨ ᠡᠷᠡᠭᠦᠯ ᠪᠥᠭᠡᠳ ᠤᠷᠤᠭᠰᠢᠲᠠᠶ ᠶᠠᠪᠤᠭᠳᠠᠬᠤ ᠶᠢ ᠳᠥᠯᠭᠢᠨ ᠠᠬᠢᠭᠤᠯᠬᠤ ᠬᠡᠷᠡᠭᠲᠡᠶ ᠭᠡᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号