ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠪᠤᠯᠤᠨ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠠᠵᠢᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/10/9
      9 ᠰᠠᠷ᠎ᠠ ᠶᠢᠨ 30 ᠤ ᠡᠳᠦᠷ᠂ ᠮᠠᠨ ᠤ ᠬᠤᠰᠢᠭᠤ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠪᠤᠯᠤᠨ ᠬᠤᠰᠢᠭᠤ ᠤᠯᠤᠰ ᠲᠥᠷᠥ ᠶᠢᠨ ᠵᠥᠪᠯᠡᠯᠭᠡᠨ  ᠤ ᠬᠤᠭᠤᠴᠠᠭ᠎ᠠ‌‍ᠰᠣᠯᠢᠬᠤ ᠠᠵᠢᠯ ᠤᠨ ᠬᠤᠷᠠᠯ  ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠳᠤ ᠣᠷᠤᠯᠴᠠᠵᠤ ᠶᠠᠷᠢᠶ᠎ᠠ‌‍ᠲ᠋ᠠᠯᠪᠢᠵᠠᠢ᠃      ᠪᠦᠬᠦ ᠬᠤᠰᠢᠭᠤᠨ ᠤ ᠭᠠᠵᠠᠷ ᠤᠨ ᠲᠠᠰ ᠤᠨ ᠤᠳᠤᠷᠢᠳᠤᠯᠭ᠎ᠠ᠂ ᠤᠯᠠᠭᠠᠶ ᠬᠠᠮᠢᠶᠠᠷᠤᠯᠲᠠ ᠶᠢᠨ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠯᠴᠠᠬᠤ ᠠᠯᠪᠠᠨ ᠬᠡᠷ ᠤᠨ ᠡᠷᠬᠢᠯᠡᠭᠴᠢ᠂ ᠬᠤᠰᠢᠭᠤ ᠬᠤᠭᠤᠴᠠᠭ᠎ᠠ‌‍ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ‍ᠤᠨ‌‍ᠪᠦ᠋ᠷᠢᠯᠳᠦᠬᠦᠨ᠂ ᠬᠤᠰᠢᠭᠤ ᠰᠣᠩᠭᠤᠭᠤᠯᠢ ᠶᠢᠨ ᠵᠥᠪᠯᠡᠯ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠸᠧ ᠮᠢᠨ ᠬᠤᠷᠠᠯ ᠡᠷᠭᠢᠯᠡᠪᠡ  ᠃      ᠬᠢᠩᠭᠠᠨ ᠶᠠᠷᠢᠶᠠᠨ ᠳᠠᠭᠠᠨ ᠵᠢᠭᠠᠬᠤ ᠳᠠᠭᠠᠨ᠂ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ᠂ ᠵᠠᠰᠠᠭ ᠤᠨ ᠣᠷᠳᠣᠨ ᠪᠠ‌ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ‌‍ᠰᠣᠯᠢᠬᠤ ᠠᠵᠢᠯ ᠪᠤᠯ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠠᠵᠢᠯ ᠤᠨ ᠳᠠᠷᠠᠭᠠᠬᠢ ᠪᠠᠰᠠ ᠨᠢᠭᠡᠨ ᠲᠣᠮᠣ ᠶᠠᠪᠤᠳᠠᠯ ᠮᠥᠨ᠂ ᠡᠨᠡ ᠤᠳᠠᠭᠠᠨ ᠤ ᠬᠤᠭᠤᠴᠠᠭ᠎ᠠ‌‍ᠰᠣᠯᠢᠭᠰᠠᠨ ᠤ ᠳᠠᠷᠠᠭᠠᠬᠢ ᠬᠤᠰᠢᠭᠤ᠂ ᠰᠤᠮᠤ ᠪᠠᠯᠭᠠᠰᠤᠨ ᠤ ᠤᠳᠤᠷᠢᠳᠬᠤ ᠪᠠᠭ ᠤᠨ ᠲᠤᠰᠢᠶᠠᠯ ᠤᠨ ᠬᠤᠭᠤᠴᠠᠭ᠎ᠠ‌ᠨᠢ  ︿︿ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ﹀﹀ ᠲᠠᠢ ᠳᠡᠭᠡᠳᠦ ᠬᠡᠮᠵᠢᠶ᠎ᠡ‌‍ᠪᠡᠷ ᠨᠡᠶᠢᠴᠡᠵᠦ᠂ 《 ᠠᠷᠪᠠᠨ ᠳᠥᠷᠪᠡᠳᠦᠭᠡᠷ ᠲᠠᠪᠤᠨ ᠵᠢᠯ   ᠤᠨ ᠲᠥᠯᠥᠪᠵᠢᠭᠦᠯᠭᠡ》 ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠰᠢᠭᠤᠳ ᠵᠣᠬᠢᠶᠠᠨ ᠪᠠᠶᠢᠭᠤᠯᠤᠭᠴᠢ ᠪᠠ‌ᠠᠬᠢᠭᠤᠯᠤᠭᠴᠢ ᠮᠥᠨ  ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠤᠳᠤᠷᠢᠳᠬᠤ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ  ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ  ᠴᠢᠩᠭᠠᠳᠬᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ‌‍ᠶᠢ ᠨᠠᠷᠢᠨ ᠬᠢᠨᠠᠮᠠᠭᠠᠶ ᠰᠤᠷᠤᠯᠴᠠᠨ ᠤᠶᠢᠯᠭᠠᠵᠤ᠂ ᠲᠥᠪ ᠤᠨ ᠰᠢᠶᠳᠪᠦᠷᠢᠲᠦ ᠪᠣᠳᠣᠯᠭ᠎ᠠ‌‍ᠶᠢᠨ ᠪᠠᠶᠢᠷᠢᠯᠠᠭᠤᠯᠤᠯᠲᠠ ᠪᠠ‌ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ‌‍ᠶᠢ ᠪᠥᠬᠦ ᠲᠠᠯ᠎ᠠ‌‍ᠪᠠᠷ ᠤᠨᠤᠪᠴᠢᠲᠠᠢ ᠲᠤᠤᠱᠯᠠᠭᠤᠯᠵᠤ᠂ ᠦᠵᠡᠯ ᠰᠠᠨᠠᠭ᠎ᠠ‌‍ᠪᠠ‌ᠦᠢᠯᠡ ᠠᠵᠢᠯᠯᠠᠭ᠎ᠠ‌‍ᠪᠠᠨ ᠲᠥᠪ‌ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ‌‍ᠪᠠ‌ᠠᠶᠢᠮᠠᠭ ᠤᠨ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠤᠬᠠᠮᠰᠠᠷ ᠠᠴᠠ ᠪᠠᠨ ᠨᠢᠭᠡᠳᠬᠡᠵᠦ᠂ ᠡᠯ᠎ᠡ ᠵᠦᠢᠯ ᠤᠨ ᠬᠤᠭᠤᠴᠠᠭ᠎ᠠ‌‍ᠰᠣᠯᠢᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ  ᠃      ᠬᠢᠩᠭᠠᠨ ᠴᠢᠬᠤᠯᠠᠴᠢᠯᠠᠬᠤ ᠳᠠᠭᠠᠨ᠂ ᠶᠣᠰᠣ ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠬᠠᠤᠯᠢ ᠲᠦᠷᠢᠮ ᠢ ᠴᠢᠩᠭ᠎ᠠ ᠵᠢᠷᠤᠮᠯᠠᠨ ᠠᠵᠢᠯᠯᠠᠬᠤ ᠶᠢᠨ ᠬᠠᠮᠲᠤ ᠬᠥᠮᠦᠨ ᠬᠡᠷᠡᠭᠯᠡᠬᠦ ᠵᠥᠪ‌ᠤᠳᠤᠷᠢᠳᠤᠮᠵᠢ ᠶᠢ ᠪᠠᠷᠢᠮᠲᠠᠯᠠᠵᠤ᠂ ᠰᠠᠶᠢᠨ ᠺᠠᠳ᠋ᠷ ᠢ ᠰᠣᠩᠭᠤᠬᠤ᠂ ᠰᠠᠶᠢᠨ ᠤᠳᠤᠷᠢᠳᠬᠤ ᠪᠠᠭ ᠢ ᠲᠤᠬᠢᠷᠠᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠠᠳᠠᠯᠢ ᠪᠤᠰᠤ ᠣᠨᠴᠠᠯᠢᠭ ᠠᠴᠠ ᠡᠭᠦᠰᠴᠦ᠂ ᠤᠯᠤᠰ ᠲᠦᠷᠦ ᠶᠢᠨ ᠬᠡᠪ‌‍ᠪᠣᠯᠪᠠᠰᠤᠷᠠᠯ ᠴᠢᠩᠭ᠎ᠠ ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ  ᠶᠢ ᠤᠳᠤᠷᠢᠳᠬᠤ ᠴᠢᠳᠠᠪᠤᠷᠢ ᠴᠢᠩᠭ᠎ᠠ‌‍ᠰᠢᠯᠢᠳᠡᠭ‌‍ᠺᠠᠳ᠋ᠷ ᠢ ᠦᠨᠡᠨ ᠬᠦ ᠰᠣᠩᠭᠤᠨ ᠭᠠᠷᠭᠠᠵᠤ᠂ ᠤᠳᠤᠷᠢᠳᠬᠤ ᠪᠠᠭ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠤᠭᠤᠴᠠᠭ᠎ᠠ‌‍ᠰᠣᠯᠢᠬᠤ ᠰᠣᠩᠭᠤᠭᠤᠯᠢ ᠶᠢᠨ ᠶᠠᠪᠤᠴᠠ ᠳᠤ ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠬᠠᠤᠯᠢ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠦᠷᠢᠮ  ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠨᠠᠮ ᠤᠨ ᠭᠡᠰᠢᠭᠦᠨ ᠺᠠᠳ᠋ᠷ ᠪᠣᠯᠤᠨ ᠬᠤᠯᠪᠣᠭᠳᠠᠯ ᠪᠦᠬᠦᠢ ᠬᠥᠮᠦᠰ ᠢ ᠵᠣᠬᠢᠶᠠᠨ ᠪᠠᠶᠢᠭᠤᠯᠵᠤ ᠬᠤᠭᠤᠴᠠᠭ᠎ᠠ‌‍ᠰᠣᠯᠢᠬᠤ ᠲᠦᠷᠦ ᠶᠢᠨ ᠪᠤᠳᠤᠯᠭ᠎ᠠ ᠲᠣᠭᠲᠠᠭᠠᠯ ᠪᠣᠯᠤᠨ ᠡᠯ᠎ᠡ ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠤᠬᠠᠮᠰᠠᠷ ᠠᠴᠠ ᠪᠠᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠠᠬᠢᠭᠤᠯᠵᠤ᠂ ᠠᠷᠢᠭᠤᠨ ᠴᠢᠬᠡᠴᠢ  ᠲᠥᠪ ᠴᠢᠬᠡᠴᠢ ᠬᠤᠭᠤᠴᠠᠭ᠎ᠠ‌‍ᠰᠣᠯᠢᠬᠤ ᠰᠢᠨ᠎ᠡ‌‍ᠬᠡᠪ ᠰᠤᠷᠲᠠᠯ ᠢ ᠪᠤᠢ ᠪᠣᠯᠭᠠᠵᠤ᠂ ᠲᠥᠯᠥᠭᠡᠯᠡᠭᠴᠢ ᠭᠡᠰᠢᠭᠦᠨ ᠢ ᠰᠣᠩᠭᠤᠨ ᠭᠠᠷᠭᠠᠬᠤ ᠪᠠ‌‍ᠶᠡᠭᠡ ᠬᠤᠷᠠᠯ ᠤᠨ ᠰᠣᠩᠭᠤᠭᠤᠯᠢ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠡᠢ᠃      ᠬᠢᠩᠭᠠᠨ ᠱᠠᠭᠠᠷᠳᠠᠬᠤ ᠳᠠᠭᠠᠨ᠂ ᠪᠥᠬᠦ ᠬᠤᠰᠢᠭᠤᠨ ᠤ ᠡᠯ᠎ᠡ‌‍ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠴᠠ‌ᠬᠠᠷᠢᠭᠤᠴᠠᠯᠭ᠎ᠠ‌ᠡᠭᠦᠷᠭᠡᠯᠡᠬᠦ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ‌‍ᠪᠣᠯᠤᠨ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ‌‍ᠶᠢ ᠴᠢᠩᠭ᠎ᠠ‌ᠵᠢᠷᠤᠮᠯᠠᠨ᠂ ᠬᠤᠭᠤᠴᠠᠭ᠎ᠠ‌‍ᠰᠣᠯᠢᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ  ᠵᠦᠢᠯ  ᠳᠡᠭᠡᠨ ᠣᠷᠣᠭᠤᠯᠵᠤ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠶ ᠠᠵᠢᠯᠯᠠᠵᠤ᠂ ᠬᠤᠭᠤᠴᠠᠭ᠎ᠠ‌‍ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃      ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ‌ᠠᠷᠠᠳ ᠤᠨ ᠪᠦᠯᠬᠦᠮ ᠤᠨ ᠭᠤᠤᠯ ᠬᠠᠷᠢᠭᠤᠴᠠᠯᠭᠠᠲᠠᠨ᠂ ᠡᠯ᠎ᠡ‌‍ᠰᠤᠮᠤ  ᠪᠠᠯᠭᠠᠰᠦ ︵ᠲᠠᠯᠠᠪᠠᠢ︶ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠤᠬᠠᠭᠤᠯᠬᠤ ᠭᠡᠰᠢᠭᠦᠨ᠂  ᠬᠤᠰᠢᠭᠤ ᠰᠠᠬᠢᠯᠭ᠎ᠠ‌‍ᠪᠠᠲᠤ ᠪᠠᠶᠢᠴᠠᠭᠠᠬᠤ ᠬᠤᠷᠢᠶ᠎ᠠ‌ᠡᠴᠠ ᠡᠯ᠎ᠡ ᠰᠠᠯᠠᠭ᠎ᠠ ᠮᠥᠴᠢᠷ ᠲᠤ ᠲᠣᠮᠢᠯᠠᠨ ᠰᠠᠭᠤᠯᠭᠠᠭᠰᠠᠨ ᠰᠠᠬᠢᠯᠭ᠎ᠠ‌‍ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号