ᠮᠠᠨ ᠤ ᠬᠤᠰᠢᠭᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠨᠡᠶᠢᠲᠡ ᠶᠢᠨ ᠲᠠᠬᠢᠯᠭ᠎ᠠ ᠶᠢᠨ ᠶᠣᠰᠣᠯᠠᠯ ᠡᠷᠬᠢᠯᠡᠨ ᠶᠠᠪᠣᠭᠳᠠᠭᠤᠯᠪᠠ
ᠨᠡᠶᠢᠲᠡᠯᠡᠭᠰᠡᠨ ᠴᠠᠭ᠄
2021/10/9
      ᠥᠨᠥᠳᠦᠷ ᠪᠣᠯ ᠨᠠᠢᠮᠠᠳᠡᠬᠢ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠪᠣᠯᠤᠨ᠎ᠠ᠂ ᠮᠠᠨ ᠤ ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠨᠡᠶᠢᠲᠡ ᠶᠢᠨ ᠲᠠᠬᠢᠯᠭ᠎ᠠ ᠶᠢᠨ ᠶᠣᠰᠣᠯᠠᠯ ᠦᠷᠡᠭᠳᠡᠭᠰᠡᠨ ᠪᠠᠭᠠᠲᠤᠷᠴᠤᠳ ᠤᠨ ᠤᠩᠭᠤᠨ ᠤ ᠬᠦᠷᠢᠶᠡᠯᠡᠩ‌‍ᠳᠦ ᠶᠠᠪᠤᠭᠳᠠᠵᠠᠢ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠥ᠋ᠩᠬᠡ᠂ᠬᠤᠰᠢᠭᠤᠨ ᠳᠤ ᠰᠠᠭᠤᠭ᠎ᠠ‌ᠨᠢᠭᠡᠨ ᠴᠡᠷᠢᠭ ᠠᠩᠭᠢ ᠶᠢᠨ ᠳᠡᠳ᠋ ᠺᠣᠮᠢᠰᠰᠠᠷ ᠭᠤᠤ ᡁᠢ ᠶᠢᠨ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ  ᠤᠨ ᠤᠯᠤᠰ ᠲᠥᠷᠥ ᠶᠢᠨ ᠭᠡᠰᠢᠭᠦᠨ ᠴᠧᠨ ᠽᠠᠢ ᠯᠢᠨ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠤᠶᠤᠨᠭᠡᠷᠡᠯ᠂ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ‌‍ᠺᠧ ᠰᠢᠶᠤᠤ ᠮᠢᠩ‌‍ᠪᠣᠯᠣᠨ ᠬᠤᠰᠢᠭᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ‌ᠠᠩᠭᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠴᠡᠷᠢᠭ ᠠᠴᠠ ᠬᠠᠯᠠᠭᠳᠠᠭᠰᠠᠳ᠂ ᠰᠤᠷᠤᠭᠴᠢᠳ ᠤᠨ ᠲᠥᠯᠥᠭᠡᠯᠡᠭᠴᠢ ᠵᠢᠴᠢ ᠬᠤᠰᠢᠭᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠢᠨ ᠶᠣᠰᠣᠯᠠᠯ ᠳᠤ ᠣᠷᠣᠯᠴᠠᠪᠠ  ᠃      ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠶᠣᠰᠣᠯᠠᠯ ᠵᠢᠩᠬᠢᠨᠢ ᠪᠠᠷ ᠡᠬᠢᠯᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ᠂ ᠪᠦᠬᠦ ᠬᠥᠮᠦᠰ ᠲᠥᠪ‌‍ᠬᠢᠴᠢᠶᠡᠩᠭᠦᠢ᠂ ᠲᠡᠷᠢ ᠲᠡᠭᠰᠢ ᠮᠦᠷᠯᠡᠨ ᠵᠤᠭᠰᠤᠵᠠᠢ᠃ ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠠᠬᠤᠢ ᠲᠠᠯᠠᠪᠠᠢ ᠳᠤ ᠬᠠᠩᠭᠢᠨᠠᠵᠤ᠂ ᠣᠯᠠᠨ ᠢᠶᠠᠷ ᠢᠶᠠᠨ  ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠵᠠᠢ᠃ ᠳᠠᠷᠠᠭ᠎ᠠ ᠨᠢ᠂ ᠣᠯᠠᠨ ᠢᠶᠠᠷ ᠢᠶᠠᠨ ᠲᠥᠪ ᠵᠣᠭᠰᠣᠵᠤ᠂ ᠪᠦᠬᠦ ᠬᠥᠮᠦᠰ ᠮᠠᠯᠠᠭᠠᠢ ᠪᠠᠨ ᠠᠪᠴᠤ ᠦᠷᠡᠭᠳᠡᠭᠰᠡᠨ ᠪᠠᠭᠠᠲᠤᠷᠴᠤᠳ ᠢ ᠨᠠᠮᠠᠨᠴᠢᠯᠠᠨ ᠭᠠᠰᠢᠭᠤᠳᠠᠵᠠᠢ᠃      ᠬᠢᠩᠭᠠᠨ‌‍ᠶᠤᠰᠤᠯᠠᠯ ᠳᠤ ᠭᠠᠰᠢᠭᠤᠳᠠᠯ ᠤᠨ ᠦᠭᠡ ᠬᠡᠯᠡᠵᠡᠢ᠃ ᠲᠡᠷᠡ ᠵᠢᠭᠠᠬᠤ ᠳᠠᠭᠠᠨ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠵᠠᠭᠤᠨ ᠵᠢᠯ ᠤᠨ ᠲᠤᠷᠰᠢ᠂ ᠮᠠᠰᠢ ᠣᠯᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠪᠣᠯᠤᠨ ᠴᠢᠩ‌ᠵᠤᠷᠢᠬᠳᠠᠨ ᠰᠢᠨ᠎ᠡ ᠳᠤᠮᠳᠠᠳᠤ ᠤᠯᠤᠰ ᠤᠨ ᠲᠥᠯᠦᠭᠡ ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠵᠤ᠂ ᠮᠠᠨ ᠤ ᠥᠨᠥᠳᠦᠷ ᠤᠨ ᠡᠩᠬᠡ ᠲᠠᠶᠢᠪᠤᠩ ᠠᠮᠤᠷ ᠠᠮᠤᠭᠤᠯᠠᠩ᠂ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠯ ᠢ ᠰᠣᠯᠢᠵᠤ ᠠᠪᠴᠢᠷᠠᠭᠰᠠᠨ ᠶᠤᠮ᠃ ᠥᠨᠥᠳᠦᠷ ᠪᠢᠳᠡ ᠦᠷᠡᠭᠳᠡᠭᠰᠡᠨ ᠪᠠᠭᠠᠲᠤᠷᠴᠤᠳ ᠢᠶᠠᠨ ᠲᠠᠬᠢᠵᠤ᠂ ᠮᠥᠷᠥᠭᠡᠳᠦᠨ ᠰᠠᠨᠠᠭᠠᠯᠵᠠᠵᠤ᠂ ᠦᠷᠡᠭᠳᠡᠭᠰᠡᠨ ᠪᠠᠭᠠᠲᠤᠷᠴᠤᠳ ᠤᠨ ᠠᠮᠢ ᠪᠡᠶ᠎ᠡ ᠪᠠᠨ ᠬᠠᠶᠢᠬᠤᠷᠬᠤ ᠦᠭᠡᠢ ᠡᠬᠡ‌ᠣᠷᠣᠨᠴᠢ ᠦᠵᠡᠯ ᠤᠨ ᠵᠣᠷᠢᠭ ᠰᠠᠨᠠᠭ᠎ᠠ‌ᠵᠢᠴᠢ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠬᠤᠪᠢᠰᠬᠠᠯᠲᠤ ᠵᠣᠷᠢᠭ ᠰᠠᠨᠠᠭ᠎ᠠ‌‍ᠪᠠ‌ᠨᠢᠭᠡ‌‍ᠰᠡᠳᠬᠢᠯ ᠢᠶᠠᠷ ᠠᠷᠠᠳ ᠲᠦᠮᠡᠨ ᠤ ᠲᠥᠯᠥᠭᠡ ᠵᠢᠳᠬᠦᠬᠦ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠂ ᠪᠦᠯᠬᠦᠮᠳᠡᠨ ᠤᠷᠤᠭᠰᠢᠯᠠᠬᠤ ᠢᠳᠡᠪᠬᠢ ᠬᠦᠴᠦᠨ  ᠢ ᠤᠯᠠᠮ ᠨᠢᠭᠡ‌ᠠᠯᠬᠤᠮ ᠨᠢᠭᠲᠠᠷᠠᠭᠤᠯᠬᠤ ᠵᠥᠪ ᠡᠨᠧᠷᠭᠢ ᠶᠢ ᠰᠤᠷᠤᠯᠴᠠᠵᠤ᠂ ᠨᠠᠮ ᠤᠨ ᠵᠢᠯᠤᠭᠤᠳᠤᠯᠭ᠎ᠠ ᠶᠢ ᠰᠣᠨᠣᠰᠤᠨ᠂ ᠨᠠᠮ ᠤᠨ ᠦᠢᠯᠡᠰ ᠲᠤ ᠦᠨᠡᠨᠴᠢ ᠪᠠᠶᠢᠵᠤ᠂ ᠦᠷᠡᠭᠳᠡᠭᠰᠡᠨ ᠪᠠᠭᠠᠲᠤᠷᠴᠤᠳ ᠤᠨ ᠭᠡᠷᠢᠶᠡᠰ ᠵᠣᠷᠢᠭ ᠢ ᠵᠠᠯᠭᠠᠮᠵᠢᠯᠠᠨ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠠ ᠬᠤᠪᠢᠰᠬᠠᠯ ᠤᠨ ᠰᠢᠯᠢᠳᠡᠭ‌ᠤᠯᠠᠮᠵᠢᠯᠠᠯ ᠢ ᠪᠠᠳᠠᠷᠠᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ ᠪᠠᠶᠢᠨ᠎ᠠ᠃ ᠬᠤᠶᠢᠰᠢᠳᠠ ᠪᠢᠳᠡ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠷ ᠳᠠᠭᠤᠷᠢᠶᠠᠯ ᠪᠣᠯᠭᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠡᠷᠬᠢᠮ ᠳᠡᠭᠡᠳᠤ ᠰᠡᠳᠬᠢᠯᠭᠡ ᠶᠢ ᠤᠯᠠᠮ ᠨᠢᠭᠡ‌ᠠᠯᠬᠤᠮ ᠪᠠᠳᠠᠷᠠᠭᠤᠯᠵᠤ᠂ ᠤᠭ ᠰᠠᠨᠠᠭ᠎ᠠ‌‍ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ‌‍ᠪᠠᠨ ᠪᠠᠲᠤ ᠴᠡᠭᠡᠵᠢᠯᠡᠵᠦ᠂ ᠨᠠᠩ ᠴᠤᠭ ᠪᠠᠳᠠᠷᠠᠩᠭᠤᠢ ᠳᠦᠷᠢ ᠲᠥᠷᠬᠦ ᠪᠠᠷ ᠵᠡᠭᠦᠨ ᠦᠵᠦᠮᠦᠴᠢᠨ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢᠨ ᠠᠵᠢᠯ ᠳᠤ ᠣᠷᠣᠯᠴᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ  ᠃      ︽ᠴᠡᠴᠡᠭ ᠬᠦᠷᠭᠡᠬᠦ ᠠᠶᠠᠰ︾ ᠤᠨ ᠳᠤᠮᠳᠠ᠂ ᠲᠦᠷᠪᠡᠨ ᠠᠷᠠᠳ ᠤᠨ ᠴᠠᠭᠳᠠᠭ᠎ᠠ ᠴᠡᠴᠡᠭᠲᠦ ᠰᠠᠭᠰᠤ ᠵᠢ‌ᠡᠷᠭᠦᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠵᠦᠭ‌ᠠᠯᠭᠤᠷᠬᠠᠨ ᠠᠯᠬᠤᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠪᠡ᠃ ᠬᠢᠩᠭᠠᠨ ᠳᠤᠷᠠᠰᠬᠠᠯ ᠤᠨ ᠬᠥᠰᠢᠶᠡᠨ ᠳᠤ ᠣᠶᠢᠷᠠᠳᠤᠨ ᠴᠡᠴᠡᠭᠲᠦ ᠰᠠᠭᠰᠤ ᠶᠢᠨ ᠲᠣᠷᠭᠠᠨ ᠪᠦᠴᠡ ᠶᠢ ᠨᠢᠮᠪᠠᠢ ᠲᠡᠭᠰᠢᠯᠡᠪᠡ᠃ ᠳᠠᠷᠠᠭ᠎ᠠ ᠨᠢ ᠬᠢᠩᠭᠠᠨ ᠵᠡᠷᠭᠡ ᠬᠤᠰᠢᠭᠤ ᠤᠳᠤᠷᠢᠳᠤᠯᠭ᠎ᠠ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠪᠠᠷᠠᠳᠠᠨ ᠬᠦᠨᠳᠦᠳᠬᠡᠯ ᠦᠵᠡᠭᠦᠯᠵᠦ᠂ ᠪᠥᠬᠦ ᠬᠥᠮᠦᠰ  ᠲᠠᠰ ᠳᠠᠷᠠᠭᠠᠯᠠᠨ ᠳᠤᠷᠠᠰᠬᠠᠯ  ᠤᠨ ᠬᠥᠰᠢᠶ᠎ᠡ ᠶᠢᠨ ᠡᠮᠦᠨ᠎ᠡ ᠬᠦᠷᠴᠦ᠂  ᠰᠣᠷᠭᠤᠭ ᠴᠡᠴᠡᠭ ᠬᠦᠷᠭᠡᠭᠰᠡᠨ ᠤ ᠬᠠᠮᠲᠤ ᠳᠤᠷᠠᠰᠬᠠᠯ ᠤᠨ ᠬᠥᠰᠢᠶ᠎ᠡ‌‍ᠶᠢ ᠪᠠᠷᠠᠳᠠᠨ ᠬᠦᠨᠳᠦᠳᠬᠡᠯ ᠦᠵᠡᠭᠦᠯᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号