ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠪᠤᠯᠤᠨ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/10/9
       9 ᠰᠠᠷ᠎ᠠ ᠶᠢᠨ 29 ᠤ ᠡᠳᠦᠷ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠪᠤᠯᠤᠨ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠳᠤ ᠣᠷᠣᠯᠴᠠᠨ ᠶᠠᠷᠢᠶ᠎ᠠ‌‍ᠲ᠋ᠠᠯᠪᠢᠵᠠᠢ᠃       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ ᠵᠧᠦ ᠢᠤᠢ ᠯᠦᠩ ᠬᠤᠷᠠᠯ ᠢ ᠡᠷᠬᠢᠯᠡᠵᠡᠢ᠃       ᠬᠤᠷᠠᠯ ᠳᠡᠭᠡᠷ᠎ᠡ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ᠂ ᠪᠥᠬᠦ ᠬᠤᠰᠢᠭᠤᠨ ᠤ ᠭᠤᠤᠯᠳᠠᠯᠭ᠎ᠠ ᠲᠠᠶ‌ᠠᠵᠢᠯ ᠲᠥᠷᠥᠯ᠂ ᠬᠦᠷᠢᠶ᠎ᠡ‌‍ᠴᠠᠷ᠎ᠠ ᠶᠢᠨ ᠠᠶᠤᠯᠭᠦᠶ ᠦᠶᠯᠡᠳᠪᠦᠷᠢᠯᠡᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠳᠡᠳ᠋  ᠬᠤᠰᠢᠭᠤ ᠳᠠᠷᠤᠭ᠎ᠠ ᠨᠠᠷ ᠠᠴᠠ ᠬᠤᠪᠢᠳᠠᠨ ᠬᠠᠮᠢᠶᠠᠷᠴᠤ ᠪᠠᠶᠢᠭ᠎ᠠ‌‍ᠬᠦ᠋ᠷᠢᠶ᠎ᠡ‌‍ᠴᠠᠷ᠎ᠠ‌‍ᠳᠠᠬᠢ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ‌‍ᠶᠢᠨ ᠠᠵᠢᠯ ᠪᠠ‌ᠠᠶᠤᠯᠭᠦᠶ ᠦᠶᠯᠡᠳᠪᠦᠷᠢᠯᠡᠯ ᠤᠨ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠲᠠᠷᠠᠭᠠᠴᠢ ᠶᠢᠨ ᠠᠯᠬᠤᠮ  ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃       ᠬᠢᠩᠭᠠᠨ ᠵᠢᠭᠠᠬᠤ ᠳᠠᠭᠠᠨ᠂ ᠵᠠᠬᠢᠳᠠᠯ ᠰᠤᠷᠪᠤᠯᠵᠢᠯᠠᠭ᠎ᠠ‌‍ᠶᠢᠨ ᠠᠵᠢᠯ ᠪᠣᠯ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠪᠠ‌ᠨᠡᠶᠢᠭᠡᠮ ᠤᠨ ᠡᠶ᠎ᠡ‌ᠵᠣᠬᠢᠴᠠᠯ ᠲᠣᠭᠲᠠᠭᠤᠨ ᠲᠠᠢ ᠬᠤᠯᠪᠣᠭᠳᠠᠬᠤ ᠶᠡᠭᠡ ᠶᠠᠪᠤᠳᠠᠯ ᠮᠥᠨ᠂ ᠡᠯ᠎ᠡ ᠭᠠᠵᠠᠷ ᠣᠷᠣᠨ ᠡᠯ᠎ᠡ‌‍ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ‌ᠠᠰᠢᠭ ᠢ ᠬᠠᠮᠠᠭᠠᠯᠠᠬᠤ ᠵᠢ‌ᠠᠯᠢᠪᠠ‌ᠠᠵᠢᠯ ᠤᠨ ᠢᠶᠠᠨ ᠵᠣᠷᠢᠯᠲᠠ ᠪᠠ‌‍ᠲ᠋ᠤᠰᠤᠯᠳᠠ ᠪᠣᠯᠭᠠᠵᠤ᠂ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠶᠢᠷᠡᠭᠦᠯᠵᠦ᠂ ᠵᠠᠬᠢᠳᠠᠯ ᠰᠤᠷᠪᠤᠯᠵᠢᠯᠠᠭ᠎ᠠ‌‍ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠳᠤᠷᠢᠳᠤᠯᠭ᠎ᠠ‌‍ᠶᠢᠨ ᠰᠤᠷᠪᠤᠯᠵᠢᠯᠠᠭ᠎ᠠ ᠬᠦᠯᠢᠶᠡᠨ ᠠᠪᠬᠤ ᠳᠣᠷᠣᠭᠰᠢ ᠪᠠᠭᠤᠵᠤ ᠰᠤᠷᠪᠤᠯᠵᠢᠯᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ‌‍ᠲ᠋ᠠᠶ ᠬᠥᠮᠦᠰ ᠤᠨ ᠬᠠᠮᠢᠶᠠᠷᠤᠯᠲᠠ ᠡᠵᠡᠮᠳᠡᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠠᠰᠠᠭᠤᠳᠠᠯ ᠢ ᠰᠢᠢᠳᠪᠦᠷᠢᠯᠡᠬᠦ ᠵᠢ‌ᠠᠬᠢᠭᠤᠯᠬᠤ ᠬᠡᠷᠡᠭᠲᠡᠢ ᠭᠡᠵᠡᠢ᠃       ᠬᠢᠩᠭᠠᠨ ᠴᠢᠬᠤᠯᠠᠴᠢᠯᠠᠬᠤ ᠳᠠᠭᠠᠨ᠂ ᠠᠶᠤᠯᠭᠦᠢ ᠦᠢᠯᠡᠳᠪᠦᠷᠢᠯᠡᠯ ᠪᠣᠯ ᠵᠠᠷᠴᠢᠮ ᠤᠨ ᠬᠤᠷᠢᠭ᠎ᠠ‌‍ᠱᠤᠭᠤᠮ ᠮᠥᠨ᠂ ᠡᠯ᠎ᠡ ᠭᠠᠵᠠᠷ ᠡᠯ᠎ᠡ‌‍ᠰᠠᠯᠠᠭ᠎ᠠ‌ᠮᠥ᠋ᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠬᠤ ᠬᠡᠷᠡᠭᠲᠡᠢ᠃ ᠭᠤᠣᠯᠳᠠᠯᠭ᠎ᠠ‌‍ᠲ᠋ᠠᠶ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ‌ᠤᠯᠠᠨ ᠨᠡᠶᠢᠲᠡ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠠᠷᠢᠶ᠎ᠠ ᠭᠠᠵᠠᠷ ᠪᠣᠯᠤᠨ ᠰᠠᠯᠠᠭ᠎ᠠ ᠮᠥᠴᠢᠷ᠂ ᠠᠵᠤ ᠠᠬᠤᠶᠢᠯᠠᠯ ᠤᠨ ᠭᠤᠣᠯ ᠴᠣᠭᠴᠠ  ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠢ ᠢᠯᠡᠷᠡᠭᠦᠯᠪᠡᠯ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ᠂ ᠬᠡᠮ ᠰᠣᠭᠤᠭ ᠪᠠᠶᠢᠪᠠᠯ ᠳᠠᠷᠤᠶᠢᠬᠠᠨ ᠰᠢᠢᠳᠪᠦᠷᠢᠯᠡᠵᠦ᠂ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠠᠳᠬᠤᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ  ᠤ ᠭᠠᠯ ᠰᠡᠷᠭᠡᠶᠢᠯᠡᠬᠦ ᠬᠠᠷᠢᠭᠤᠴᠠᠯᠭ᠎ᠠ‌‍ᠶᠢ ᠴᠢᠩᠭ᠎ᠠ‌ᠨᠠᠶᠢᠳᠠᠪᠤᠷᠢᠵᠢᠭᠤᠯᠤᠨ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠤᠭᠰᠠᠨ᠂ ᠪᠦᠬᠦᠯᠢ ᠴᠣᠭᠴᠠ ᠪᠠᠷ ᠢᠶᠠᠨ ᠬᠤᠯᠪᠣᠭᠠᠯᠠᠨ ᠬᠥᠳᠡᠯᠦᠯᠴᠡᠭᠰᠡᠨ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠭᠰᠡᠨ ᠭᠠᠯ ᠰᠡᠷᠭᠡᠶᠢᠯᠡᠬᠦ ᠲᠣᠭᠲᠠᠴᠠ ᠶᠢ ᠪᠣᠶ ᠪᠣᠯᠭᠠᠬᠤ ᠬᠡᠷᠡᠭᠲᠡᠶ᠃ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠰᠠᠶᠢᠲᠤᠷ ᠠᠳᠬᠤᠵᠤ᠂ ᠭᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠴᠡᠭ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠭᠠᠯ ᠲᠦᠢᠮᠡᠷ ᠢ ᠰᠡᠷᠭᠡᠶᠢᠯᠡᠬᠦ ᠲᠣᠭᠤᠷᠢᠨ ᠬᠠᠮᠠᠭᠠᠯᠠᠯᠲᠠ ᠶᠢ ᠰᠠᠶᠢᠲᠤᠷ ᠬᠢᠵᠦ᠂ ᠭᠡᠮ ᠰᠣᠭᠤᠭ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠵᠦ᠂ ᠡᠯ᠎ᠡ‌ᠵᠦ᠋ᠢᠯ ᠤᠨ ᠭᠡᠮ ᠰᠣᠭᠤᠭ ᠢ ᠡᠭᠦᠰᠴᠦ ᠪᠠᠶᠢᠬᠤ ᠦᠶ᠎ᠡ ᠳᠤᠨᠢ ᠡᠷᠡᠰ ᠠᠷᠢᠯᠭᠠᠬᠤ ᠬᠡᠷᠡᠭᠲᠡᠢ᠃ ᠤᠯᠤᠰ ᠤᠨ ᠪᠠᠶᠠᠷ ᠤᠨ ᠠᠮᠠᠷᠠᠯᠲᠠ ᠬᠦᠷᠴᠦ ᠢᠷᠡᠬᠦ ᠲᠠᠰᠢᠷᠠᠮ ᠢᠶᠠᠷ᠂ ᠡᠯ᠎ᠡ ᠭᠠᠵᠠᠷ ᠣᠷᠣᠨ ᠡᠯ᠎ᠡ‌‍ᠰᠠᠯᠠᠭ᠎ᠠ ᠮᠥᠴᠢᠷ  ᠤᠨ ᠬᠢᠨ ᠭᠠᠯ ᠰᠡᠷᠭᠡᠶᠢᠯᠡᠬᠦ ᠵᠢᠵᠢᠭᠦᠷ ᠤᠨ ᠲᠤᠬᠢᠷᠠᠭᠤᠯᠤᠯᠳᠠ ᠲᠠᠢ ᠤᠶᠠᠯᠳᠤᠭᠤᠯᠵᠤ᠂ ᠤᠳᠤᠷᠢᠳᠬᠤ ᠺᠠᠳ᠋ᠷ ᠠᠵᠢᠯ  ᠤᠨ ᠪᠠᠶᠢᠷᠢ ᠳᠠᠭᠠᠨ ᠢᠷᠡᠵᠤ ᠵᠢᠵᠢᠭᠦᠷᠯᠡᠬᠦ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ‌‍ᠬᠡᠷᠡᠭᠵᠢᠭᠦᠯᠵᠦ᠂ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ᠂ ᠴᠠᠭ ᠲᠤᠬᠠᠢ  ᠳᠤᠨᠢ ᠮᠡᠳᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃       ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ‌‍ᠰᠢᠤᠢ ᠶᠢᠩ ᠵᠢᠶᠠᠨ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠸᠧ ᠮᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠥᠬᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠵᠠᠩ‌ᠵᠢᠨ ᠯᠢᠶᠠᠩ᠂ ᠳᠡᠳ᠋ ᠬᠤᠰᠢᠭᠤ ᠳᠠᠷᠤᠭ᠎ᠠ ᠶᠣᠣ ᠬᠠᠢ ᠰᠢᠶᠠ᠂ ᠠᠯᠳᠠᠨᠪᠠᠭᠠᠨ᠎ᠠ᠂ ᠺᠧ ᠰᠢᠶᠣᠤ ᠮᠢᠩ᠂  ᠬᠤᠰᠢᠭᠤ ᠤᠯᠤᠰ ᠲᠥᠷᠥ  ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ‌‍ᠰᠢᠶᠤᠤ ᠮᠢᠩ ᠪᠣᠯᠣᠨ ᠬᠤᠰᠢᠭᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ‌ᠡᠯ᠎ᠡ‌ᠨᠢᠭᠡᠴᠡ ᠶᠢᠨ ᠭᠤᠤᠯ ᠬᠠᠷᠢᠭᠤᠴᠠᠯᠭᠠᠲᠠᠨ ᠵᠢᠴᠢ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ᠂  ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号