ᠪᠦᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠪᠤᠯᠤᠨ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠠᠵᠢᠯ ᠤᠨ ᠵᠤᠬᠢᠴᠠᠭᠤᠯᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/11/10
      11 ᠰᠠᠷ᠎ᠠ‌‍ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠪᠦᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠪᠤᠯᠤᠨ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ‌‍ᠰᠣᠯᠢᠬᠤ ᠠᠵᠢᠯ ᠤᠨ  ᠵᠤᠬᠢᠴᠠᠭᠤᠯᠬᠤ ᠬᠤᠷᠠᠯ ᠢ ᠡᠷᠭᠢᠯᠡᠨ  ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ ᠵᠧᠤ ᠢᠦᠶ ᠯᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠥ᠋ᠩᠬᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠢᠴᠢ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠬᠤᠷᠠᠯ ᠳᠤ ᠣᠷᠣᠯᠴᠠᠪᠠ᠃      ᠬᠤᠷᠠᠯ ᠠᠴᠠ ᠪᠥᠬᠦ ᠠᠶᠢᠮᠠᠭ ᠤᠨ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠵᠢᠴᠢ ᠬᠤᠰᠢᠭᠤ ᠰᠢᠶᠠᠨ ᠬᠤᠲᠠ ᠰᠤᠮᠤ ᠰᠢᠶᠠᠩ ᠪᠠᠯᠭᠠᠰᠤᠨ ᠤ ᠬᠤᠭᠤᠴᠠᠭ᠎ᠠ ᠰᠣᠯᠢᠬᠤ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ‌‍ᠶᠢ ᠤᠯᠠᠮᠵᠢᠯᠠᠪᠠ᠃      ᠬᠢᠩᠭᠠᠨ ᠴᠢᠬᠤᠯᠠᠴᠢᠯᠠᠬᠤ ᠳᠠᠭᠠᠨ᠂ ᠡᠨᠡ ᠵᠢᠯ ᠪᠣᠯ ᠬᠤᠭᠤᠴᠠᠭ᠎ᠠ ᠰᠣᠯᠢᠬᠤ ᠵᠢᠯ ᠪᠣᠯᠤᠨ᠎ᠠ᠂ ᠬᠤᠰᠢᠭᠤ᠂ ᠰᠤᠮᠤ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠪᠡᠶᠡᠯᠡᠭᠦᠯᠬᠦ ᠪᠣᠯ ᠡᠨᠡ ᠵᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠴᠢᠬᠤᠯᠠ ᠶᠡᠭᠡ‌ᠠᠴᠢ ᠬᠤᠯᠪᠣᠭᠳᠠᠯ ᠲᠠᠢ ᠶᠤᠮ᠃ ᠣᠳᠣᠬᠠᠨ ᠳᠤ᠂ ᠮᠠᠨ ᠤ ᠬᠤᠰᠢᠭᠤᠨ ᠤ ᠬᠤᠭᠤᠴᠠᠭ᠎ᠠ ᠰᠣᠯᠢᠬᠤ ᠠᠵᠢᠯ ᠶᠠᠭ ᠰᠠᠶᠢᠬᠠᠨ ᠲᠣᠭᠲᠠᠭᠰᠠᠨ ᠪᠠᠶᠢᠷᠢᠯᠠᠭᠤᠯᠤᠯᠲᠠ ᠶᠣᠰᠣᠭᠠᠷ ᠯᠠᠪᠳᠠᠭᠤᠨ ᠪᠠᠲᠤᠲᠠᠶ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠂ ᠪᠥᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠬᠦ ᠲᠤᠯᠭᠠᠮ᠎ᠠ‌‍ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠢᠭᠲᠠ ᠬᠠᠮᠵᠢᠯᠴᠠᠨ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠪᠠ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠬᠤ ᠬᠡᠷᠡᠭᠲᠡᠶ ᠭᠡᠵᠡᠢ᠃      ᠬᠢᠩᠭᠠᠨ ᠱᠠᠭᠠᠷᠳᠠᠬᠤ ᠳᠠᠭᠠᠨ᠂ ᠬᠤᠭᠤᠴᠠᠭ᠎ᠠ ᠰᠣᠯᠢᠬᠤ ᠠᠵᠢᠯ ᠤᠨ  ᠱᠠᠭᠠᠷᠳᠠᠨ ᠵᠢᠯᠣᠭᠤᠳᠬᠤ ᠲᠦᠷᠢᠮ  ᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠬᠤᠭᠤᠴᠠᠭ᠎ᠠ‌‍ᠰᠣᠯᠢᠬᠤ ᠠᠵᠢᠯ ᠤᠨ ᠬᠡᠪ‌‍ᠰᠤᠷᠲᠠᠯ ᠳᠤ ᠬᠢᠨᠠᠯᠲᠠ ᠲᠠᠯᠪᠢᠬᠤ ᠠᠵᠢᠯ ᠤᠨ ᠱᠠᠳᠤᠴᠢ ᠴᠢᠨᠠᠷᠲᠠᠢ ᠣᠨᠴᠠᠯᠢᠭ ᠢ ᠣᠨᠣᠪᠴᠢᠲᠠᠢ ᠡᠵᠡᠮᠳᠡᠵᠦ᠂ ᠡᠭᠦᠷᠭᠡ  ᠶᠢᠨ ᠪᠢᠴᠢᠭ‌‍ᠢᠶ᠋ᠠᠨ ᠲᠣᠭᠲᠠᠭᠠᠵᠤ ᠂ ᠴᠠᠭ ᠤᠨ ᠬᠦᠰᠦᠨᠦᠭᠲᠦ ᠪᠠᠨ ᠲᠣᠳᠣᠷᠬᠠᠶᠢᠯᠠᠵᠤ᠂ ᠠᠶᠤᠯ ᠲᠦᠭᠰᠢᠭᠦᠷᠢ ᠶᠢᠨ ᠴᠡᠭ‌ᠢ ᠵᠢᠭᠰᠠᠭᠠᠨ ᠪᠠᠶᠢᠴᠠᠭᠠᠵᠤ᠂ ᠰᠠᠨᠠᠭᠠᠴᠢᠯᠠᠭᠠᠲᠤ ᠡᠷᠬᠡ‌‍ᠶᠢ ᠡᠵᠡᠮᠰᠢᠵᠦ᠂ ᠬᠤᠭᠤᠴᠠᠭ᠎ᠠ‌‍ᠰᠣᠯᠢᠬᠤ ᠬᠡᠪ‌‍ᠰᠤᠷᠲᠠᠯ ᠳᠤ ᠬᠢᠨᠠᠯᠲᠠ ᠲᠠᠯᠪᠢᠬᠤ ᠶᠢ ᠬᠤᠭᠤᠴᠠᠭ᠎ᠠ‌‍ᠰᠣᠯᠢᠬᠤ ᠠᠵᠢᠯ ᠤᠨ ᠪᠦᠬᠦ ᠶᠠᠪᠤᠴᠠ ᠳᠤ  ᠲᠤᠤᠱᠯᠠᠭᠤᠯᠵᠦ᠂ ᠬᠤᠭᠤᠴᠠᠭ᠎ᠠ‌‍ᠰᠣᠯᠢᠬᠤ ᠠᠵᠢᠯ ᠤᠨ ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ  ᠳᠤ ᠲᠠᠯᠪᠢᠵᠤ᠂ ᠬᠤᠭᠤᠴᠠᠭ᠎ᠠ‌‍ᠰᠣᠯᠢᠬᠤ ᠠᠵᠢᠯ ᠤᠨ ᠲᠥᠪ ᠴᠢᠩᠭ᠎ᠠ ᠴᠢᠨᠠᠷ ᠪᠠ‌ᠡᠷᠬᠡ‌‍ᠰᠦ᠋ᠷᠲᠦ ᠴᠢᠨᠠᠷ ᠢ ᠡᠷᠡᠰ ᠬᠠᠮᠠᠭᠠᠯᠠᠵᠤ᠂ ᠬᠠᠮᠤᠭ ᠤᠨ ᠴᠢᠩᠭ᠎ᠠ ᠰᠠᠬᠢᠯᠭ᠎ᠠ ᠪᠠᠲᠤ ᠪᠠᠷ ᠬᠤᠭᠤᠴᠠᠭ᠎ᠠ‌‍ᠰᠣᠯᠢᠬᠤ ᠠᠵᠢᠯ  ᠤᠨ ᠬᠡᠪ ᠰᠤᠷᠲᠠᠯ ᠲᠥᠪ ᠴᠢᠬᠡᠴᠢ᠂ ᠥᠴᠦᠬᠡᠨ ᠴᠦ ᠠᠯᠳᠠᠭ᠎ᠠ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠣᠯᠠᠨ ᠵᠦᠢᠯ ᠤᠨ ᠠᠷᠭ᠎ᠠ ᠵᠠᠮ ᠪᠠ ᠠᠷᠭ᠎ᠠ ᠬᠡᠯᠪᠡᠷᠢ ᠪᠠᠷ ᠬᠤᠭᠤᠴᠠᠭ᠎ᠠ ᠰᠣᠯᠢᠬᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠰᠣᠩᠭᠤᠭᠤᠯᠢ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠠᠷᠠᠳᠴᠢᠯᠠᠯ ᠤᠨ ᠡᠷᠬᠡ ᠪᠠᠨ ᠬᠠᠤᠯᠢ ᠶᠣᠰᠣᠭᠠᠷ ᠵᠥᠪ ᠬᠡᠷᠡᠭᠵᠢᠭᠦᠯᠦᠨ ᠬᠡᠷᠡᠭᠯᠡᠵᠦ᠂ ᠰᠣᠩᠭᠤᠭᠤᠯᠢ ᠶᠢᠨ ᠠᠵᠢᠯ ᠤᠨ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠵᠤ᠂ ᠪᠥᠬᠦ ᠬᠤᠰᠢᠭᠤᠨ ᠤ ᠬᠤᠭᠤᠴᠠᠭ᠎ᠠ ᠰᠣᠯᠢᠬᠤ ᠠᠵᠢᠯ ᠳᠤ ᠰᠠᠶᠢᠨ ᠰᠠᠶᠢᠬᠠᠨ ᠶᠠᠷᠢᠶ᠎ᠠ ‍ᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠡᠢ᠃      ᠬᠢᠩᠭᠠᠨ ᠱᠠᠭᠠᠷᠳᠠᠬᠤ ᠳᠠᠭᠠᠨ᠂ ᠪᠦᠬᠦ ᠬᠤᠰᠢᠭᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ   ᠤᠨ ᠬᠢᠨ ᠠᠵᠢᠯ ᠦᠢᠯᠡᠰ ᠡᠴᠠ‌ᠡᠭᠦᠰᠴᠦ᠂ ᠶᠡᠭᠡ ᠲᠠᠯ᠎ᠠ ᠠᠴᠠ ᠡᠭᠦᠰᠴᠦ᠂ ᠨᠠᠷᠢᠯᠢᠭ ᠪᠣᠯᠭᠤᠮᠵᠢᠲᠠᠢ ᠠᠵᠢᠯ ᠤᠨ ᠣᠪᠣᠷ ᠢᠶᠠᠷ ᠰᠠᠯᠠᠭ᠎ᠠ ᠮᠥᠴᠢᠷ ᠤᠨ ᠬᠤᠭᠤᠷᠣᠨᠳᠣᠬᠢ ᠣᠶᠢᠯᠠᠭᠠᠯᠴᠠᠭ᠎ᠠ ᠬᠠᠮᠵᠢᠯᠴᠠᠭ᠎ᠠ ᠪᠠᠨ ᠦᠨᠡᠨᠬᠦ ᠴᠢᠩᠭᠠᠳᠬᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠭᠤᠭᠴᠤᠭ᠎ᠠ ᠪᠦᠷᠢ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂  ᠬᠠᠮᠲᠤᠷᠠᠭᠰᠠᠨ ᠬᠦᠴᠦᠨ ᠢ ᠪᠦᠷᠢᠯᠳᠦᠭᠦᠯᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢ ᠤᠷᠤᠭᠰᠢᠲᠠᠢ ᠪᠡᠶᠡᠯᠡᠭᠦᠯᠬᠦ ᠶᠢ ᠪᠠᠲᠤᠯᠠᠵᠤ᠂ ᠪᠦᠬᠦ ᠬᠤᠰᠢᠭᠤᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ᠂ ᠰᠤᠷᠲᠠᠯ ᠲᠥᠪ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号