ᠬᠤᠰᠢᠭᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠯᠠᠬᠤ ᠳᠤᠭᠤᠢᠢᠯᠠᠩ 2021 ᠣᠨ ᠤ ᠬᠤᠷᠢᠨ ᠬᠤᠶᠠᠳᠣᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/11/10
      11 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ‌‍ᠶᠢᠨ ᠭᠤᠤᠯᠯᠠᠬᠤ ᠳᠤᠭᠤᠢᠢᠯᠠᠩ ᠤᠨ 2021 ᠣᠨ ᠤ  ᠬᠤᠷᠢᠨ ᠬᠤᠶᠠᠳᠣᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ‌‍ᠶᠢᠨ ᠬᠤᠷᠠᠯ ᠢ ᠡᠷᠭᠢᠯᠡᠨ ᠬᠤᠷᠠᠯᠳᠤᠭᠤᠯᠪᠠ  ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ‌ᠵᠧᠤ ᠢᠦᠶ ᠯᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠡᠷᠭᠡ‌ᠬᠤᠰᠢᠭᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ‌‍ᠶᠢᠨ ᠭᠤᠤᠯᠯᠠᠬᠤ ᠳᠤᠭᠤᠢᠢᠯᠠᠩ ᠤᠨ  ᠪᠦᠷᠢᠯᠳᠦᠬᠦᠨ ᠬᠤᠷᠠᠯ ᠳᠤ ᠣᠷᠣᠯᠴᠠᠪᠠ  ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠱᠠᠨᠰᠢ ᠶᠢᠨ ᠢᠦᠢ ᠯᠢᠨ‌‍ᠳᠤ ᠰᠢᠨᠵᠢᠯᠡᠨ ᠪᠠᠶᠢᠴᠠᠭᠠᠬᠤ ᠦᠶ᠎ᠡ‌‍ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ‌‍ᠤᠨ ᠱᠠᠨᠳᠦ᠋ᠩ‌‍ᠳᠤ ᠰᠢᠨᠵᠢᠯᠡᠨ ᠪᠠᠶᠢᠴᠠᠭᠠᠬᠤ ᠦᠶ᠎ᠡ‌‍ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠱᠢ ᠲᠠᠢ ᠹᠧᠩ‌‍ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ‌‍ᠶᠢᠨ ᠭᠤᠤᠯᠯᠠᠬᠤ ᠳᠤᠭᠤᠢᠢᠯᠠᠩ ᠤᠨ 2021 ᠣᠨ ᠤ 13 ᠳ᠋ᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ‌‍ᠲ᠋ᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ‌‍ᠶᠢ ᠤᠯᠠᠮᠵᠢᠯᠠᠪᠠ᠃ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠮᠵᠢ ᠣᠷᠣᠨ ᠲᠤᠭ᠎ᠠ‌‍ᠶᠢᠨ ᠠᠵᠢᠯ ᠤᠨ ᠲᠦᠷᠢᠮ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ ᠰᠢᠨ᠎ᠡ‌‍ᠴᠠᠭ ᠦᠶ᠎ᠡ‌‍ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠂ ︽ᠤᠳᠤᠷᠢᠳᠬᠤ ᠺᠠᠳ᠋ᠷ ᠬᠤᠪᠢ ᠬᠥᠮᠦᠨ ᠤ ᠬᠤᠯᠪᠣᠭᠳᠠᠯ ᠪᠥᠬᠦᠶ ᠤᠴᠢᠷ ᠶᠠᠪᠤᠳᠠᠯ ᠢᠶᠠᠨ ᠴᠠᠭ ᠲᠤᠬᠠᠶ ᠳᠤᠨᠢ ᠮᠡᠳᠡᠭᠦᠯᠬᠦ ᠲᠤᠬᠠᠶ ᠳᠤᠮᠳᠠᠳᠤ ᠤᠯᠤᠰ ᠤᠨ ᠡᠪ‌ᠬᠠᠮᠲᠤ ᠨᠠᠮ ᠤᠨ ᠲᠥᠪ‌ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ  ᠤᠨ ᠮᠡᠳᠡᠭᠳᠡᠯ︾᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ‌‍ᠲ᠋ᠢᠲᠢᠮᠯᠢᠭ‌ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠰᠢᠨ᠎ᠡ ᠲᠢᠲᠢᠮᠯᠢᠭ‌ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ ᠨᠠᠢᠮᠠᠳᠣᠭᠠᠷ ᠬᠡᠪᠯᠡᠯ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾᠂ ᠳᠤᠮᠳᠠᠳᠤ ᠤᠯᠤᠰ ‍ᠤᠨ‌ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶᠠᠨ ᠤ ᠠᠯᠪᠠᠨ ᠭᠡᠷ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ‌‍ᠶᠢᠨ ᠠᠯᠪᠠᠨ ᠭᠡᠷ ᠤᠨ ︽ᠰᠣᠨᠢᠨ ᠮᠡᠳᠡᠭᠡ‌ᠨᠡᠶᠢᠲᠡᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠮᠡᠳᠡᠭᠳᠡᠯ ᠢ ᠤᠯᠠᠮᠵᠢᠯᠠᠨ ᠰᠤᠷᠤᠯᠴᠠᠪᠠ᠃ ᠬᠤᠷᠠᠯ ᠳᠤ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠣᠪᠴᠢ ᠲᠡᠦᠬᠡ︾ ᠶᠢᠨ ᠨᠢᠭᠡᠳᠦᠭᠡᠷ ᠪᠦᠯᠦᠭ— ᠰᠢᠨ᠎ᠡ‌‍ᠲ᠋ᠤᠮᠳᠠᠳᠤ ᠤᠯᠤᠰ ᠪᠠᠶᠢᠭᠤᠯᠤᠭᠳᠠᠭᠰᠠᠨ ᠪᠠ‌ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠲᠣᠭᠲᠠᠭᠠᠭᠰᠠᠨ ᠨᠢ᠂ ︽ᠨᠡᠶᠢᠭᠡᠮ ᠵᠢᠷᠤᠮ ᠤᠨ ᠬᠥᠭᠵᠢᠯᠲᠡ ᠶᠢᠨ ᠲᠣᠪᠴᠢ ᠲᠡᠦᠬᠡ︾ ᠶᠢᠨ ᠲᠠᠪᠤᠳᠤᠭᠠᠷ ᠪᠦᠯᠦᠭ— ᠳᠤᠮᠳᠠᠳᠤ ᠤᠯᠤᠰ ᠤᠨ ᠡᠪ ᠬᠠᠮᠲᠤ ᠨᠠᠮ ᠤᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠵᠠᠮ ᠤᠨ ᠲᠤᠬᠠᠢ ᠬᠠᠶᠢᠨ ᠰᠦᠪᠡᠭᠴᠢᠯᠡᠯᠳᠡ᠂ ︽ᠥᠭᠡᠷᠡᠴᠢᠯᠡᠯᠲᠡ ᠨᠡᠬᠡᠬᠡᠯᠳᠡ ᠶᠢᠨ ᠲᠣᠪᠴᠢ ᠲᠡᠦᠬᠡ︾ ᠶᠢᠨ ᠨᠢᠭᠡᠳᠦᠭᠡᠷ ᠪᠦᠯᠦᠭ— ᠥᠭᠡᠷᠡᠴᠢᠯᠡᠯᠲᠡ ᠨᠡᠬᠡᠬᠡᠯᠳᠡ ᠬᠥᠰᠢᠭᠡ‌‍ᠪᠠᠨ ᠰᠡᠬᠦᠪᠡ‌ᠵᠡᠷᠭᠡ ᠶᠢ ᠬᠠᠮᠲᠤ ᠪᠠᠷ ᠰᠤᠷᠤᠯᠴᠠᠪᠠ᠃      ᠬᠤᠷᠠᠯ ᠡᠴᠠ‌‍ᠴᠢᠬᠤᠯᠠᠴᠢᠯᠠᠬᠤ ᠳᠠᠭᠠᠨ᠂ ᠡᠯ᠎ᠡ ᠱᠠᠲᠤ ᠡᠯ᠎ᠡ‌‍ᠰᠠᠯᠠᠭ᠎ᠠ‌ᠮᠥ᠋ᠴᠢᠷ ᠤᠨ ᠬᠢᠨ ︽ᠳᠥᠷᠪᠡᠨ ᠤᠬᠠᠮᠰᠠᠷ︾ ᠢᠶᠠᠨ ᠤᠯᠠᠮ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ‌ᠤᠯᠤᠰ ᠲᠥᠷᠥ ᠦᠢᠯᠡ ᠠᠵᠢᠯᠯᠠᠭ᠎ᠠ‌‍ᠶᠢᠨ ᠲᠠᠯ᠎ᠠ‌‍ᠪᠠᠷ ᠬᠡᠵᠢᠶᠡᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ‌‍ᠲ᠋ᠠᠢ ᠳᠡᠭᠡᠳᠦ ᠬᠡᠮᠵᠢᠶ᠎ᠡ‌‍ᠪᠠᠷ ᠨᠢᠭᠡᠳᠦᠯᠲᠡᠶ ᠪᠠᠶᠢᠵᠤ᠂  ᠮᠠᠨ ᠤ ᠬᠤᠰᠢᠭᠤᠨ ᠤ ᠡᠯ᠎ᠡ  ᠵᠦᠢᠯ ᠤᠨ ᠠᠵᠢᠯ  ᠦᠢᠯᠡᠰ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠱᠠᠭᠠᠷᠳᠠᠬᠤ ᠳᠠᠭᠠᠨ᠂ ︽ᠭᠠᠳᠠᠨ᠎ᠠ‌ᠡᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ᠂ ᠣᠯᠠᠨ ᠢᠶᠠᠷ ᠢᠶᠠᠨ ᠵᠡᠷᠭᠡ ᠪᠠᠷ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠲᠣᠣᠷ ᠢ ᠪᠠᠲᠤ ᠰᠦᠯᠵᠢᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠣᠳᠠᠲᠤ ᠪᠠᠶᠢᠯᠳᠤᠭᠠᠨ ᠤ ᠰᠣᠷᠢᠯᠲᠠ ᠶᠢᠨ ᠲᠤᠷᠰᠢᠯᠭ᠎ᠠ‌‍ᠶᠢ ᠨᠠᠷᠢᠨ ᠬᠢᠨᠠᠮᠠᠭᠠᠢ ᠳ᠋ᠦᠩᠨᠡᠵᠦ᠂ ᠠᠵᠢᠯ ᠤᠨ ᠲᠥᠰᠦᠯ ᠢᠶᠠᠨ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠬᠢᠵᠢᠭ‌‍ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠤᠯᠠᠨ ᠳᠤ ᠬᠠᠷᠢᠭᠤᠴᠠᠬᠤ ᠣᠪᠣᠷ ᠢᠶᠠᠷ ᠬᠢᠵᠢᠭ‌‍ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠬᠦ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ ᠰᠡᠳᠬᠢᠯᠭᠡ‌‍ᠪᠠᠨ ᠦᠨᠡᠨ ᠬᠦ ᠴᠢᠩᠭᠠᠳᠬᠠᠵᠤ᠂ ᠠᠵᠢᠯ ᠤᠨ ᠲᠤᠰᠢᠶᠠᠯ ᠬᠠᠷᠢᠭᠤᠴᠠᠯᠭ᠎ᠠ‌‍ᠪᠠᠨ ᠱᠠᠳᠤ ᠱᠠᠳᠤ ᠪᠠᠷ ᠪᠣᠳᠠᠲᠠᠶᠢᠵᠢᠭᠤᠯᠵᠤ᠂ ᠲᠡᠰ ᠳᠠᠷᠠᠭᠠᠯᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠬᠤᠭᠤᠴᠠᠭ᠎ᠠ‌‍ᠰᠣᠯᠢᠬᠤ ᠰᠠᠬᠢᠯᠭ᠎ᠠ ᠪᠠᠲᠤ ᠶᠢ ᠴᠢᠩᠭ᠎ᠠ‌‍ᠰᠠᠬᠢᠵᠤ᠂ ᠬᠤᠭᠤᠴᠠᠭ᠎ᠠ‌‍ᠰᠣᠯᠢᠬᠤ ᠠᠵᠢᠯ ᠢ ᠥᠨᠳᠥᠷ ᠪᠠᠷᠢᠮᠵᠢᠶ᠎ᠠ‌‍ᠪᠠᠷ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ ᠤᠳᠤᠷᠢᠳᠬᠤ ᠺᠠᠳ᠋ᠷᠴᠤᠳ ᠤᠯᠤᠰ ᠲᠦᠷᠦ ᠶᠢᠨ ᠤᠬᠠᠮᠰᠠᠷ᠂ ᠰᠠᠬᠢᠯᠭ᠎ᠠ‌‍ᠪᠠᠲᠤ ᠶᠢᠨ ᠤᠬᠠᠮᠰᠠᠷ᠂ ᠶᠣᠰᠣ ᠲᠦᠷᠢᠮ ᠤᠨ ᠤᠬᠠᠮᠰᠠᠷ ᠪᠠ ᠵᠣᠬᠢᠶᠠᠨ ᠪᠠᠶᠢᠭᠤᠯᠤᠯᠲᠠ ᠶᠢᠨ ᠦᠵᠡᠯᠲᠡ ᠪᠠᠨ ᠦᠨᠡᠨ ᠬᠦ ᠴᠢᠩᠭᠠᠳᠬᠠᠵᠤ᠂ ︽ᠤᠳᠤᠷᠢᠳᠬᠤ ᠺᠠᠳ᠋ᠷᠴᠤᠳ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠴᠠᠭ ᠲᠤᠬᠠᠢ ᠳᠤᠨᠢ ᠮᠡᠳᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠮᠡᠳᠡᠭᠳᠡᠯ︾ ᠤᠨ ᠱᠠᠭᠠᠷᠳᠠᠯᠭ᠎ᠠ‌‍ᠶᠢ ᠴᠢᠩᠭ᠎ᠠ ᠵᠢᠷᠤᠮᠯᠠᠨ᠂ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号