ᠮᠠᠨ ᠤ ᠬᠤᠰᠢᠭᠤᠨ ᠤ ᠡᠳ᠋ ᠪᠣᠳᠠᠰ ᠤᠨ ᠨᠥᠭᠡᠴᠡ ᠭᠦᠢᠴᠡᠳ᠂ ᠵᠠᠬ᠎ᠠ ᠳᠡᠯᠭᠡᠭᠦᠷ ᠤᠨ ᠬᠠᠩᠭᠠᠯᠭ᠎ᠠ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2021/11/10
      ᠬᠢᠵᠢᠭ‌‍ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠡᠳ᠋ ᠪᠣᠳᠠᠰ ᠤᠨ ᠨᠥᠭᠡᠴᠡ ᠭᠦᠢᠴᠡᠳ᠂ ᠪᠠᠷᠠᠭᠠᠨ ᠤ ᠭᠦᠢᠯᠭᠡᠭᠡ‌‍ᠲ᠋ᠡᠭᠡᠭᠡᠪᠦᠷᠢ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 4 ᠤ ᠡᠳᠦᠷ᠂ ᠳᠡᠳ᠋ ᠬᠤᠰᠢᠭᠤ ᠳᠠᠷᠤᠭ᠎ᠠ‌ᠠᠯᠲᠠᠨᠪᠠᠭᠠᠨ᠎ᠠ‌‍ᠴᠢᠯᠦᠭᠡᠲᠦ ᠳᠡᠯᠭᠡᠭᠦᠷ᠂ ᠠᠮᠤ ᠪᠤᠳᠠᠭᠠᠨ ᠤ ᠬᠤᠳᠠᠯᠳᠤᠭ᠎ᠠ᠂ ᠮᠢᠬᠠᠨ ᠤ ᠦᠢᠯᠡᠰ ᠤᠨ ᠠᠵᠤ ᠠᠬᠤᠶᠢᠯᠠᠯ ᠢᠶᠠᠷ ᠭᠦᠨᠵᠡᠭᠡᠶᠢᠷᠡᠨ᠂ ᠵᠠᠬ᠎ᠠ‌‍ᠲ᠋ᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ  ᠦᠢᠯᠠᠭᠠᠭᠰᠠᠨ ᠪᠠᠶᠢᠨ᠎ᠠ᠃      ᠠᠯᠲᠠᠨᠪᠠᠭᠠᠨ᠎ᠠ‌ᠤᠷᠢᠳ ᠬᠤᠵᠢᠳ ᠬᠤᠸᠠ ᠯᠦᠩ ᠪᠦᠷᠢᠨ ᠪᠠᠷᠠᠭ᠎ᠠ᠂ ᠬᠤᠩ ᠯᠢ ᠠᠮᠢᠳᠤᠷᠠᠯ  ᠤᠨ ᠬᠡᠷᠡᠭᠰᠡᠯ ᠤᠨ ᠴᠢᠯᠦᠭᠡᠲᠦ ᠳᠡᠯᠭᠡᠭᠦᠷ᠂ ᠱᠧᠩ‌‍ᠳᠡ ᠠᠮᠤ ᠲᠣᠰᠣᠨ ᠤ ᠳᠡᠯᠭᠡᠭᠦᠷ᠂  ᠤᠯᠠᠭᠠᠨ ᠨᠠᠷᠠ ᠲᠤᠮᠤ ᠬᠡᠷ ᠪᠦᠯᠢ ᠴᠢᠯᠦᠭᠡᠲᠦ ᠳᠡᠯᠭᠡᠭᠦᠷ᠂  ᠮᠧᠩ ᠶᠤᠸᠠᠨ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠮᠤ ᠪᠤᠳᠠᠭ᠎ᠠ‌‍ᠲ᠋ᠣᠰᠣ ᠭᠤᠯᠢᠷ᠂ ᠰᠢᠨ᠎ᠡ‌‍ᠰᠣᠷᠭᠤᠭ ᠢᠳᠡᠰᠢᠨ ᠨᠣᠭᠤᠭ᠎ᠠ ᠵᠢᠮᠢᠰ᠂ ᠮᠢᠬ᠎ᠠ‌ᠥᠨᠳᠡᠭᠡ‌ᠵᠡᠷᠭᠡ ᠴᠢᠬᠤᠯᠠ ᠠᠮᠢᠳᠤᠷᠠᠯ ᠤᠨ ᠡᠳ᠋ ᠪᠣᠳᠠᠰ ᠤᠨ ᠨᠥᠭᠡᠴᠡ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠡᠯ᠎ᠡ ᠴᠢᠯᠦᠭᠡᠲᠦ ᠳᠡᠯᠭᠡᠭᠦᠷ᠂ ᠠᠮᠤ ᠪᠤᠳᠠᠭᠠᠨ ᠤ ᠬᠤᠳᠠᠯᠳᠤᠭ᠎ᠠ᠂ ᠮᠢᠬᠠᠨ ᠤ  ᠦᠢᠯᠡᠰ ᠤᠨ ᠠᠵᠤ ᠠᠬᠤᠶᠢᠯᠠᠯ ᠢ ᠡᠳ᠋ ᠪᠣᠳᠠᠰ ᠤᠨ ᠨᠥᠭᠡᠴᠡ ᠪᠠᠨ ᠪᠠᠲᠤᠯᠠᠵᠤ᠂ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠰᠡᠯ ᠤᠨ  ᠪᠦᠷᠢᠨ ᠭᠦᠢᠴᠡᠳ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠠᠯᠲᠠᠨᠪᠠᠭᠠᠨ᠎ᠠ ᠴᠢᠬᠤᠯᠠᠴᠢᠯᠠᠬᠤ ᠳᠠᠭᠠᠨ᠂ ᠡᠳ᠋ ᠪᠣᠳᠠᠰ ᠤᠨ ᠨᠥᠭᠡᠴᠡ ᠶᠢ ᠪᠠᠲᠤᠯᠠᠬᠤ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠲᠠᠯ᠎ᠠ‌‍ᠲ᠋ᠠᠢ ᠬᠤᠯᠪᠣᠭᠳᠠᠨ᠎ᠠ᠂ ᠡᠷᠬᠡᠪᠰᠢ‌ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠵᠠᠬ᠎ᠠ‌‍ᠲ᠋ᠡᠯᠭᠡᠭᠦᠷ ᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠠᠭᠤᠭᠠᠯᠢ ᠠᠷᠠᠳ ᠤᠨ ᠠᠮᠤ ᠪᠤᠳᠠᠭ᠎ᠠ ᠂ ᠢᠳᠡᠰᠢᠨ ᠨᠤᠭᠤᠭ᠎ᠠ ᠵᠢᠴᠢ ᠡᠯ᠎ᠡ‌‍ᠲ᠋ᠥ᠋ᠷᠥᠯ ᠤᠨ ᠠᠮᠢᠳᠤᠷᠠᠯ ᠤᠨ ᠬᠡᠷᠡᠭᠰᠡᠯ ᠤᠨ ᠬᠠᠩᠭᠠᠯᠭ᠎ᠠ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠣᠶᠢᠯᠠᠭᠠᠭᠰᠠᠨ ᠢᠶᠠᠷ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠵᠴᠢ ᠠᠵᠤ ᠠᠬᠤᠶᠢᠯᠠᠯ ᠤᠨ ᠲᠣᠬᠢᠷᠠᠭᠤᠯᠤᠨ ᠬᠦᠷᠭᠡᠬᠦ  ᠦᠢᠯᠡᠴᠢᠯᠡᠭᠡ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠣᠶᠢᠷ᠎ᠠ‌‍ᠳᠤ᠂ ᠬᠤᠰᠢᠭᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠥᠬᠦ ᠬᠤᠰᠢᠭᠤᠨ ᠤ 6 ᠬᠠᠩᠭᠠᠯᠭ᠎ᠠ ᠶᠢ ᠪᠠᠲᠤᠯᠠᠬᠤ ᠴᠢᠯᠦᠭᠡᠲᠦ ᠳᠡᠯᠭᠡᠭᠦᠷ ᠵᠢᠴᠢ ᠵᠡᠭᠦᠨ ᠦᠵᠦᠮᠦᠴᠢᠨ ᠤ ᠰᠢᠤᠳᠠᠨ ᠤ ᠬᠤᠪᠢᠶᠠᠷᠢ ᠺᠣᠮᠫᠠᠨᠢ᠂  ᠮᠦ ᠮᠠ ᠷᠧᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠲᠠᠢ ᠬᠠᠩᠭᠠᠯᠭ᠎ᠠ‌‍ᠶᠢ ᠪᠠᠲᠤᠯᠠᠬᠤ ᠪᠠ ᠲᠣᠬᠢᠷᠠᠭᠤᠯᠤᠨ ᠬᠦᠷᠭᠡᠬᠦ ᠬᠡᠯᠡᠯᠴᠡᠭᠡᠷ ᠢ ᠲᠣᠭᠲᠠᠪᠠ᠃ ᠡᠭᠦᠨ ᠤ ᠬᠠᠮᠲᠦ᠂ ᠪᠦᠬᠦ ᠬᠤᠰᠢᠭᠤᠨ ᠤ ᠠᠮᠢᠳᠤᠷᠠᠯ ᠤᠨ ᠴᠢᠬᠤᠯᠠ ᠬᠡᠷᠡᠭᠯᠡᠭᠡᠨ ᠤ  ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ‌‍ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠶᠢᠨ ᠲᠥᠯᠥᠭᠡ᠂ ᠬᠤᠰᠢᠭᠤᠨ  ᠤ ᠬᠠᠮᠢᠶ᠎ᠠ‌‍ᠪᠦ᠋ᠬᠦᠢ ᠰᠠᠯᠠᠭ᠎ᠠ ᠮᠦᠴᠢᠷ  ᠠᠴᠠ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠡᠳᠦᠷ ᠪᠦᠷᠢ ᠶᠢᠨ ᠬᠢᠨᠠᠨ ᠬᠡᠮᠵᠢᠯᠲᠡ  ᠬᠢᠭᠰᠡᠨ ᠪᠠᠶᠢᠨ᠎ᠠ᠃ ᠡᠳᠦᠷ ᠪᠦᠷᠢ ᠶᠢᠨ ᠬᠢᠨᠠᠨ ᠬᠡᠮᠵᠢᠭᠰᠡᠨ ᠬᠥᠮᠥᠷᠭᠡ ᠶᠢᠨ ᠬᠠᠳᠠᠭᠠᠯᠠᠯᠲᠠ ᠶᠢᠨ ᠪᠠᠶᠢᠳᠠᠯ ᠪᠠ ᠲᠤᠭ᠎ᠠ ᠪᠠᠷᠢᠮᠲᠠ ᠠᠴᠠ ᠦᠵᠡᠪᠡᠯ᠂ ᠣᠳᠣᠬᠠᠨ ᠳᠤ ᠪᠥᠬᠦ ᠬᠤᠰᠢᠭᠤᠨ ᠤ 6 ᠬᠠᠩᠭᠠᠯᠭ᠎ᠠ ᠶᠢ ᠪᠠᠲᠤᠯᠠᠬᠤ ᠴᠢᠯᠦᠭᠡᠲᠦ ᠳᠡᠯᠭᠡᠭᠦᠷ᠂ 3 ᠲᠣᠮᠣ ᠬᠡᠯᠪᠡᠷᠢ ᠶᠢᠨ ᠠᠮᠤ ᠲᠣᠰᠣᠨ ᠤ ᠳᠡᠯᠭᠡᠭᠦᠷ ᠵᠢᠴᠢ ᠮᠢᠬᠠᠨ ᠤ  ᠦᠢᠯᠡᠰ ᠤᠨ ᠠᠵᠤ ᠠᠬᠤᠶᠢᠯᠠᠯ ᠤᠨ ᠵᠠᠬ᠎ᠠ‌‍ᠲ᠋ᠡᠯᠭᠡᠭᠦᠷ ᠤᠨ ᠪᠠᠷᠠᠭᠠᠨ ᠤ ᠶᠡᠷᠦᠩᠬᠡᠶ ᠢᠷᠡᠯᠲᠡ  ᠭᠦᠢᠴᠡᠳ᠂ ᠪᠠᠷᠠᠭᠠᠨ ᠤ ᠭᠦᠢᠯᠭᠡᠭᠡ‌‍ᠲ᠋ᠡᠭᠡᠭᠡᠪᠦᠷᠢ ᠰᠠᠭᠠᠳ ᠥᠬᠡᠶ᠂ ᠵᠠᠬ᠎ᠠ‌‍ᠲ᠋ᠡᠯᠭᠡᠭᠦᠷ ᠤᠨ ᠡᠮᠬᠢ ᠳᠢᠭᠯᠢᠮ ᠲᠣᠭᠲᠠᠭᠤᠨ᠂ ᠡᠳᠦᠷ ᠪᠦᠷᠢ ᠶᠢᠨ ᠪᠣᠷᠣᠯᠠᠭᠤᠯᠭ᠎ᠠ‌‍ᠲ᠋ᠣᠭᠲᠠᠭᠤᠨ ᠪᠠᠶᠢᠨ᠎ᠠ᠃      ᠬᠤᠰᠢᠭᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠠᠮᠲᠦ ᠪᠠᠶᠢᠴᠠᠭᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号