︽ᠪᠢ ᠤᠯᠠᠨ ᠲᠦᠮᠡᠨ ᠳᠤ ᠪᠤᠳᠠᠳᠠᠢ ᠠᠵᠢᠯ ᠬᠢᠬᠦ︾ 2021 ᠤᠨ ᠤ ᠵᠡᠭᠦᠨ ᠦᠵᠦᠮᠦᠴᠢᠨ ᠬᠤᠰᠢᠭᠤᠨ ᠤ ᠤᠷᠤᠨ ᠨᠤᠲᠤᠭ ᠤᠨ ᠤᠶᠢᠯᠠᠯᠭ᠎ᠠ ᠶᠢ ᠤᠯᠠᠨ ᠨᠡᠶᠢᠲᠡ ᠶᠢᠨ ᠨᠤᠮ ᠤᠨ ᠰᠠᠩ ᠳᠤ ᠬᠦᠷᠭᠡᠬᠦ ᠠᠵᠢᠯᠯᠠᠭ᠎ᠠ ᠶᠢᠨ ᠨᠤᠮ ᠪᠡᠯᠡᠭᠯᠡᠬᠦ ᠶᠤᠰᠤᠯᠠᠯ ᠶᠠᠪᠣᠭᠳᠠᠪᠠ
ᠨᠡᠶᠢᠲᠡᠯᠡᠭᠰᠡᠨ ᠴᠠᠭ᠄
2021/11/11
      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ︽ᠲᠡᠦᠬᠡ ᠶᠢ ᠰᠤᠷᠤᠯᠴᠠᠵᠤ ᠴᠢᠷᠮᠠᠶᠢᠨ ᠦᠢᠯᠡᠳᠦᠯᠭᠡᠵᠢᠭᠦᠯᠬᠦ︾ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 4 ᠤ ᠡᠳᠦᠷ᠂ ︽ᠪᠢ ᠤᠯᠠᠨ ᠲᠦᠮᠡᠨ ᠳᠤ ᠪᠤᠳᠠᠳᠠᠢ ᠠᠵᠢᠯ  ᠬᠢᠬᠦ︾ 2021 ᠣᠨ ᠤ ᠵᠡᠭᠦᠨ ᠦᠵᠦᠮᠦᠴᠢᠨ ᠬᠤᠰᠢᠭᠤᠨ ᠤ ᠣᠷᠣᠨ ᠨᠤᠲᠤᠭ ᠤᠨ ᠤᠶᠢᠯᠠᠯᠭ᠎ᠠ ᠶᠢ ᠤᠯᠠᠨ ᠨᠡᠶᠢᠲᠡ ᠶᠢᠨ ᠨᠣᠮ ᠤᠨ ᠰᠠᠩ ᠳᠤ ᠬᠦᠷᠭᠡᠬᠦ ᠠᠵᠢᠯᠯᠠᠭ᠎ᠠ ᠮᠠᠨ ᠤ ᠬᠤᠰᠢᠭᠤᠨ ᠤ ᠨᠣᠮ ᠤᠨ ᠰᠠᠩ ᠳᠤ ᠶᠠᠪᠤᠭᠳᠠᠵᠤ᠂ ᠬᠤᠰᠢᠭᠤ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠰᠣᠶᠣᠯ ᠪᠡᠶ᠎ᠡ ᠲᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠲᠣᠪᠴᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠠᠵᠢᠯᠲᠠᠳ ᠠᠵᠢᠯᠯᠠᠭ᠎ᠠ ᠳᠤ ᠣᠷᠣᠯᠴᠠᠪᠠ᠃      ᠠᠵᠢᠯᠯᠠᠭᠠᠨ ᠳᠤ᠂ ᠬᠤᠰᠢᠭᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠨᠢ  ᠬᠤᠰᠢᠭᠤ ᠨᠣᠮ ᠤᠨ ᠰᠠᠩ ᠳᠤ ︽ᠵᠡᠭᠦᠨ ᠦᠵᠦᠮᠦᠴᠢᠨ ᠬᠤᠰᠢᠭᠤᠨ ᠤ ᠣᠶᠢᠯᠠᠯᠭ᠎ᠠ ︵2000—2010  ᠤᠨ︶︾᠂ ︽ᠵᠡᠭᠦᠨ ᠦᠵᠦᠮᠦᠴᠢᠨ ᠬᠤᠰᠢᠭᠤᠨ ᠤ ᠣᠨ ᠤ  ᠤᠶᠢᠯᠠᠪᠤᠷᠢ ︵2020  ᠪᠣᠲᠢ︶︾ ᠵᠡᠷᠭᠡ ᠣᠷᠣᠨ ᠨᠤᠲᠤᠭ ᠤᠨ ᠣᠶᠢᠯᠠᠯᠭ᠎ᠠ ᠶᠢᠨ ᠰᠤᠷᠪᠤᠯᠵᠢ ᠪᠢᠴᠢᠭ ᠢ 65 ᠳᠡᠪᠲᠡᠷ ᠬᠠᠨᠳᠢᠪᠯᠠᠪᠠ᠃ ᠡᠭᠦᠨ ᠤ ᠬᠠᠮᠲᠤ᠂ ᠬᠤᠰᠢᠭᠤ ᠨᠣᠮ ᠤᠨ ᠰᠠᠩ ᠨᠢ ᠪᠠᠰᠠ ᠣᠷᠣᠨ ᠨᠤᠲᠤᠭ ᠤᠨ ᠣᠶᠢᠯᠠᠯᠭ᠎ᠠ ᠶᠢᠨ ᠤᠩᠰᠢᠯᠭ᠎ᠠ ᠶᠢᠨ ᠲᠤᠰᠬᠠᠶ ᠭᠠᠵᠠᠷ ᠭᠠᠷᠭᠠᠵᠤ᠂ ᠣᠷᠣᠨ ᠨᠤᠲᠤᠭ ᠤᠨ ᠣᠶᠢᠯᠠᠯᠭ᠎ᠠ ᠶᠢᠨ ᠲᠥᠷᠥᠯ ᠤᠨ ᠨᠣᠮ ᠪᠢᠴᠢᠭ ᠢ ᠭᠥᠯᠢᠶᠡᠨ ᠠᠪᠬᠤ᠂ ᠬᠠᠮᠢᠶᠠᠷᠬᠤ᠂ ᠤᠬᠠᠭᠤᠯᠬᠤ᠂ ᠨᠡᠭᠡᠭᠡᠬᠦ ᠪᠠ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠥᠬᠦ ᠬᠤᠰᠢᠭᠤᠨ ᠤ ᠣᠶᠢᠯᠠᠯᠭ᠎ᠠ ᠤᠩᠰᠢᠵᠤ ᠣᠶᠢᠯᠠᠯᠭ᠎ᠠ ᠬᠡᠷᠡᠭᠯᠡᠬᠦ ᠠᠵᠢᠯ ᠢ ᠨᠠᠩ ᠰᠠᠶᠢᠲᠤᠷ ᠥᠷᠨᠢᠭᠦᠯᠬᠦ ᠶᠢ ᠳᠠᠶᠢᠴᠢᠯᠠᠵᠤ᠂ ᠣᠷᠣᠨ ᠨᠤᠲᠤᠭ ᠤᠨ ᠣᠶᠢᠯᠠᠯᠭ᠎ᠠ ᠶᠢᠨ ᠰᠣᠶᠣᠯ ᠢ ᠲᠦᠭ ᠲᠦᠮᠡᠨ ᠠᠶᠢᠯ ᠡᠷᠦᠬᠡ ᠳᠤ  ᠤᠷᠤᠭᠤᠯᠬᠤ ᠶᠢ ᠵᠤᠷᠢᠵᠠᠢ᠃      ᠣᠷᠣᠨ ᠨᠤᠲᠤᠭ ᠤᠨ ᠣᠶᠢᠯᠠᠯᠭ᠎ᠠ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠰᠢᠯᠢᠳᠡᠭ ᠰᠣᠶᠣᠯ ᠤᠨ ᠤᠯᠠᠮᠵᠢᠯᠠᠯ ᠢ ᠪᠠᠳᠠᠷᠠᠭᠤᠯᠬᠤ ᠴᠢᠬᠤᠯᠠ ᠠᠴᠢᠶᠠᠯᠠᠪᠤᠷᠢ ᠪᠣᠯᠤᠨ᠎ᠠ᠃ ᠲᠣᠰ ᠤᠳᠠᠭᠠᠨ ᠤ ᠣᠷᠣᠨ ᠨᠤᠲᠤᠭ ᠤᠨ ᠣᠶᠢᠯᠠᠯᠭ᠎ᠠ ᠶᠢ ᠣᠯᠠᠨ ᠨᠡᠶᠢᠲᠡ ᠶᠢᠨ ᠨᠣᠮ ᠤᠨ ᠰᠠᠩ ᠳᠤ ᠣᠷᠣᠭᠤᠯᠬᠤ ᠠᠵᠢᠯᠯᠠᠭ᠎ᠠ ᠨᠢ ᠠᠷᠠᠳ ᠣᠯᠠᠨ ᠤ ᠵᠡᠭᠦᠨ ᠦᠵᠦᠮᠦᠴᠢᠨ ᠬᠤᠰᠢᠭᠤᠨ ᠤ ᠭᠠᠵᠠᠷ ᠣᠷᠣᠨ ᠤ ᠪᠠᠶᠢᠳᠠᠯ ᠤᠨ ᠮᠡᠳᠡᠭᠡ ᠵᠠᠩᠭᠢ ᠪᠠ ᠲᠡᠦᠬᠡ ᠰᠣᠶᠣᠯ ᠢ ᠣᠶᠢᠯᠠᠭᠠᠬᠤ ᠳᠤ ᠲᠥᠬᠦᠮ ᠦᠵᠡᠭᠦᠯᠬᠦ  ᠤᠩᠰᠢᠬᠤ ᠲᠠᠪᠴᠠᠩ ᠢ ᠬᠠᠩᠭᠠᠵᠤ᠂ ᠣᠷᠣᠨ ᠨᠤᠲᠤᠭ ᠤᠨ ᠣᠶᠢᠯᠠᠯᠭ᠎ᠠ ᠶᠢᠨ ᠦᠷ᠎ᠡ ᠪᠦᠲᠦᠭᠡᠯ ᠢ  ᠠᠮᠢᠳᠤᠯᠢᠭᠵᠢᠭᠤᠯᠤᠨ ᠬᠡᠷᠡᠭᠯᠡᠵᠦ᠂  ᠣᠶᠢᠯᠠᠯᠭ᠎ᠠ ᠨᠠᠶᠢᠷᠠᠭᠤᠯᠬᠤ ᠶᠢ ᠦᠨᠡᠨ ᠬᠦ ᠪᠡᠶᠡᠯᠡᠭᠦᠯᠵᠦ᠂ ᠣᠷᠣᠨ ᠨᠤᠲᠤᠭ ᠤᠨ ᠣᠶᠢᠯᠠᠯᠭ᠎ᠠ ᠶᠢᠨ ᠥᠪᠡᠷᠮᠢᠴᠡ ᠷᠢᠳᠢ ᠰᠢᠳᠢ ᠪᠠ ᠨᠡᠶᠢᠭᠡᠮ ᠤᠨ ᠦᠨ᠎ᠡ ᠥᠷᠲᠡᠭ ᠢ ᠢᠯᠡᠷᠡᠭᠦᠯᠦᠨ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠰᠠᠶᠢᠲᠤᠷ  ᠦᠢᠯᠡᠴᠢᠯᠡᠭᠦᠯᠵᠦ᠂ ᠠᠷᠠᠳ ᠣᠯᠠᠨ ᠳᠤ ᠨᠠᠩ ᠰᠠᠶᠢᠲᠤᠷ  ᠦᠢᠯᠡᠴᠢᠯᠡᠭᠦᠯᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号