ᠪᠦᠬᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠢᠲᠡᠭᠦᠮᠵᠢᠯᠡᠨ ᠬᠠᠮᠢᠶᠠᠷᠴᠤ ᠰᠢᠢᠳᠪᠦᠷᠢᠯᠡᠬᠦ ᠪᠠ ᠪᠦᠬᠦ ᠠᠷᠠᠳ ᠤᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠤᠷᠢᠯᠲᠠ ᠬᠢᠭᠰᠡᠨ ᠳ᠋ᠦᠩᠨᠡᠯᠲᠡ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/11/11
      11 ᠰᠠᠷ᠎ᠠ ᠶᠢᠨ 4 ᠤ ᠡᠳᠦᠷ᠂ ᠪᠦᠬᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠢᠲᠡᠭᠦᠮᠵᠢᠯᠡᠨ ᠬᠠᠮᠢᠶᠠᠷᠴᠤ ᠰᠢᠢᠳᠪᠦᠷᠢᠯᠡᠬᠦ ᠪᠠ ᠪᠦᠬᠦ ᠠᠷᠠᠳ ᠤᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠤᠷᠢᠯᠲᠠ ᠬᠢᠭᠰᠡᠨ ᠳ᠋ᠦᠩᠨᠡᠯᠲᠡ ᠶᠢᠨ ᠬᠤᠷᠠᠯ ᠬᠤᠷᠠᠯᠳᠤᠵᠠᠢ᠃      11 ᠰᠠᠷ᠎ᠠ ᠶᠢᠨ 2 ᠤ ᠡᠳᠦᠷ  ᠂ ᠦᠩᠲᠦ ᠨᠡᠶᠢᠬᠡᠮ ᠲᠤᠭᠤᠷᠢᠭ ᠪᠤᠯᠤᠨ ᠬᠠᠳᠠᠪᠴᠢ ᠪᠠᠯᠭᠠᠰᠤᠨ ᠲᠤᠭᠤᠷᠢᠭ ᠲᠤ ᠦᠷᠨᠢᠭᠦᠯᠦᠭᠰᠡᠨ ᠪᠦᠬᠦ ᠠᠷᠠᠳ ᠤᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠤᠷᠢᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠵᠠᠳᠠᠯᠤᠯᠲᠠ ᠬᠢᠵᠦ ᠳ᠋ᠦᠩᠨᠡᠨ᠂ ᠨᠠᠷᠢᠯᠢᠭ ᠡᠷᠭᠢᠴᠡᠭᠦᠯᠵᠦ᠂ ᠴᠠᠭ ᠲᠤᠬᠠᠢ ᠳᠤᠨᠢ ᠲᠤᠲᠠᠭᠳᠠᠯ ᠢᠶᠠᠨ ᠨᠦᠬᠦᠪᠦᠷᠢᠯᠡᠵᠡᠢ᠃      ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠤᠷᠤᠯᠠᠭᠴᠢ ᠬᠤᠰᠢᠭᠤ ᠳᠠᠷᠤᠭ᠎ᠠ ᠵᠧᠦ ᠢᠦᠢ ᠯᠥᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃ ᠲᠡᠷᠡ ᠵᠢᠭᠠᠬᠤ ᠳᠠᠭᠠᠨ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠤᠷᠢᠯᠲᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠭᠤᠷᠢᠨ ᠭᠠᠵᠠᠷ ᠢ ᠪᠠᠬᠢᠵᠢᠭᠦᠯᠬᠦ ᠳᠤ ᠴᠢᠬᠤᠯᠠ ᠦᠢᠯᠡᠳᠦᠯ ᠦᠵᠡᠭᠦᠯᠵᠡᠢ᠃ ᠪᠦᠬᠦᠶᠢᠯᠡ ᠴᠤᠭᠴᠠ ᠠᠴᠠ ᠦᠵᠡᠬᠦ ᠳᠤ᠂ ᠲᠤᠰ ᠤᠳᠠᠭᠠᠨ ᠤ ᠰᠤᠷᠢᠯᠲᠠ ᠳᠤ ᠡᠯ᠎ᠡ ᠪᠠᠶᠢᠭᠤᠯᠭ᠎ᠠ᠂ ᠡᠯ᠎ᠡ ᠰᠠᠯᠠᠭ᠎ᠠ ᠮᠦᠴᠢᠷ ᠤᠨ ᠬᠢᠨ ᠤᠬᠤᠷᠬᠠᠨ ᠬᠤᠭᠤᠴᠠᠭᠠᠨ ᠳᠤ ᠲᠦᠰᠦᠪᠯᠡᠨ ᠪᠡᠯᠡᠳᠬᠡᠬᠦ ᠪᠠᠷ ᠳᠠᠮᠵᠢᠨ᠂ ᠵᠢᠯᠤᠭᠤᠳᠬᠤ ᠬᠡᠯᠲᠡᠰ ᠤᠨ ᠨᠢᠭᠡᠳᠦᠯᠲᠡᠢ ᠪᠠᠶᠢᠷᠢᠯᠠᠭᠤᠯᠤᠯᠲᠠ ᠲᠤᠬᠢᠷᠠᠭᠤᠯᠤᠯᠲᠠ ᠳᠤᠤᠷ᠎ᠠ᠂ ᠡᠯ᠎ᠡ ᠭᠤᠭᠴᠤᠭᠠᠨ ᠤ ᠰᠤᠷᠢᠯᠲᠠ ᠶᠢᠨ ᠡᠭᠦᠷᠭᠡ ᠪᠠᠨ ᠤᠷᠤᠭᠰᠢᠲᠠᠢ ᠪᠡᠶᠡᠯᠡᠭᠦᠯᠦᠭᠰᠡᠨ ᠪᠤᠯᠪᠠᠴᠤ ᠮᠦᠨᠴᠦ ᠲᠤᠲᠠᠭᠳᠠᠯ  ᠤᠷᠤᠰᠢᠵᠤ ᠪᠠᠶᠢᠨ᠎ᠠ᠃ ᠲᠤᠰ ᠤᠳᠠᠭᠠᠨ ᠤ ᠰᠤᠷᠢᠯᠲᠠ ᠳᠤᠮᠳᠠ ᠤᠷᠤᠰᠢᠵᠤ ᠪᠠᠶᠢᠭ᠎ᠠ ᠠᠰᠠᠭᠤᠳᠠᠯ  ᠳᠤ ᠡᠷᠬᠡᠪᠰᠢ ᠨᠠᠷᠢᠨ ᠨᠢᠮᠪᠠᠢ ᠵᠠᠳᠠᠯᠤᠯᠳᠠ ᠬᠢᠵᠦ᠂ ᠴᠡᠭᠴᠡᠯᠡᠨ ᠵᠠᠰᠠᠵᠤ ᠳᠡᠭᠡᠭᠰᠢᠯᠡᠭᠦᠯᠬᠦ ᠰᠠᠨᠠᠯ ᠪᠠ ᠲᠦᠰᠦᠯ ᠢ ᠦᠳᠲᠡᠷ ᠲᠦᠷᠭᠡᠨ ᠳᠤᠷᠠᠳᠴᠤ᠂ ᠡᠯ᠎ᠡ ᠰᠠᠯᠠᠭ᠎ᠠ ᠮᠦᠴᠢᠷ ᠤᠨ ᠬᠤᠭᠤᠷᠤᠨᠳᠤ ᠪᠠᠨ ᠨᠡᠩ ᠢᠯᠡᠭᠦᠦ ᠯᠠᠪᠳᠠᠭᠤᠨ ᠪᠠᠲᠤᠲᠠᠢ ᠠᠷᠭ᠎ᠠ ᠪᠠᠷᠢᠯ ᠢᠶᠠᠷ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠴᠢᠩᠭᠠᠳᠬᠠᠬᠤ ᠶᠢ ᠪᠠᠲᠤᠯᠠᠵᠤ᠂ ᠪᠦᠬᠦ ᠬᠤᠰᠢᠭᠤᠨ ᠤ ᠠᠷᠭᠠᠴᠠᠭᠠᠨ ᠰᠢᠢᠳᠪᠦᠷᠢᠯᠡᠬᠦ ᠴᠢᠳᠠᠪᠬᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃      ᠰᠤᠷᠢᠯᠲᠠ ᠳᠤ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ᠵᠧᠦ ᠢᠦᠢ ᠯᠥᠩ ᠴᠢᠬᠤᠯᠠᠴᠢᠯᠠᠬᠤ ᠳᠠᠭᠠᠨ᠂ ᠵᠢᠯᠤᠭᠤᠳᠬᠤ ᠬᠡᠯᠲᠡᠰ ᠤᠨ ᠡᠯ᠎ᠡ ᠳᠡᠳ᠋ ᠵᠢᠭᠠᠨ ᠵᠢᠯᠤᠭᠤᠳᠤᠭᠴᠢ᠂ ᠡᠯ᠎ᠡ ᠲᠤᠰᠬᠠᠢ ᠲᠦᠷᠦᠯ ᠤᠨ ᠳᠤᠭᠤᠶᠢᠯᠠᠩ ᠤᠨ ᠬᠠᠷᠢᠭᠤᠴᠠᠯᠭᠠᠲᠠᠨ ᠪᠤᠯᠤᠨ ᠡᠯ᠎ᠡ ᠪᠦᠷᠢᠯᠳᠦᠭᠦᠨ ᠪᠠᠶᠢᠭᠤᠯᠭ᠎ᠠ ᠶᠢᠨ ᠭᠤᠤᠯ ᠤᠳᠤᠷᠢᠳᠤᠯᠭ᠎ᠠ  ᠡᠷᠬᠡᠪᠰᠢ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠦᠪᠡᠷ ᠤᠨ ᠪᠡᠶ᠎ᠡ ᠪᠠᠷ ᠢᠶᠠᠨ ᠵᠢᠭᠠᠨ ᠵᠢᠯᠤᠭᠤᠳᠴᠤ ᠲᠤᠬᠢᠷᠠᠭᠤᠯᠤᠯᠲᠠ ᠬᠢᠵᠦ᠂ ᠵᠢᠯᠤᠭᠤᠳᠬᠤ ᠰᠢᠰᠲ᠋ᠧᠮ ᠤᠨ ᠦᠨᠳᠦᠷ ᠪᠦᠲᠦᠮᠵᠢᠲᠡᠢ᠂ ᠰᠠᠯᠠᠭ᠎ᠠ ᠮᠦᠴᠢᠷ ᠤᠨ ᠬᠤᠭᠤᠷᠤᠨᠳᠤ ᠪᠠᠨ ᠬᠠᠷᠢᠯᠴᠠᠭ᠎ᠠ ᠨᠡᠪᠲᠡᠷᠡᠯᠴᠡᠭᠡ ᠰᠢᠭᠤᠳ ᠰᠢᠯᠤᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠨᠢ ᠡᠷᠬᠡᠪᠰᠢ ᠬᠠᠷᠢᠶ᠎ᠠ ᠲᠤᠭᠤᠷᠢᠭ ᠤᠨ ᠪᠤᠳᠠᠳᠤ ᠪᠠᠶᠢᠳᠠᠯ ᠢᠶᠠᠨ ᠦᠨᠳᠦᠰᠦᠯᠡᠨ᠂ ᠤᠷᠢᠳᠴᠢᠯᠠᠨ ᠪᠦᠬᠦ ᠲᠠᠯ᠎ᠠ ᠪᠠᠷ ᠪᠠᠶᠢᠴᠠᠭᠠᠯᠲᠠ ᠬᠢᠵᠦ᠂ ᠰᠠᠭᠤᠭᠠᠯᠢ ᠠᠷᠠᠳ ᠢ ᠰᠢᠨᠵᠢᠯᠡᠬᠦ ᠤᠬᠠᠭᠠᠨᠴᠢ᠂ ᠲᠤᠬᠢᠷᠠᠮᠵᠢᠲᠠᠢ ᠪᠠᠷ ᠵᠤᠬᠢᠶᠠᠨ ᠪᠠᠶᠢᠭᠤᠯᠵᠤ᠂ ᠨᠠᠰᠤᠲᠠᠶᠢᠴᠤᠳ ᠪᠤᠯᠤᠨ ᠬᠡᠤᠬᠡᠳ ᠤᠨ ᠪᠠᠶᠢᠳᠠᠯ ᠢ ᠪᠦᠷᠢᠨ ᠭᠦᠢᠴᠡᠳ ᠡᠵᠡᠮᠳᠡᠵᠦ᠂ ᠰᠠᠭᠤᠭᠠᠯᠢ ᠠᠷᠠᠳ ᠢ ᠬᠦᠲᠦᠯᠦᠨ ᠵᠢᠯᠤᠭᠤᠳᠴᠤ ᠪᠠᠶᠢᠭᠠᠳ ᠬᠤᠪᠢ ᠬᠦᠮᠦᠨ ᠤ ᠰᠤᠷᠠᠭ  ᠵᠠᠩᠭᠢ ᠶᠢ ᠤᠷᠢᠳᠴᠢᠯᠠᠨ ᠡᠮᠬᠢᠯᠡᠵᠦ ᠭᠠᠷ ᠤᠳᠠᠰᠤᠨ ᠳᠤ ᠬᠠᠳᠠᠭᠠᠯᠠᠭᠤᠯᠵᠤ᠂  ᠴᠠᠭ ᠵᠦᠷᠢᠭᠦᠯᠦᠨ ᠰᠢᠯᠭᠠᠨ ᠪᠠᠶᠢᠴᠠᠭᠠᠯᠲᠠ ᠬᠢᠬᠦ ᠶᠢ ᠬᠡᠷᠡᠭᠵᠢᠭᠦᠯᠵᠦ᠂ ᠴᠠᠭ ᠲᠤᠬᠠᠢ ᠳᠤᠨᠢ ᠤᠷᠤᠭᠤᠯᠬᠤ ᠳᠤ ᠳᠦᠭᠦᠮ ᠦᠵᠡᠭᠦᠯᠵᠦ᠂ ᠬᠦᠮᠦᠨ ᠬᠠᠷ᠎ᠠ ᠬᠤᠷᠠᠨ ᠴᠤᠭᠯᠠᠷᠠᠬᠤ ᠪᠠ ᠤᠷᠲᠤ ᠬᠤᠭᠤᠴᠠᠭ᠎ᠠ ᠪᠠᠷ ᠬᠦᠯᠢᠶᠡᠬᠦ ᠠᠴᠠ ᠵᠠᠶᠢᠯᠠᠰᠬᠢᠬᠦ ᠬᠡᠷᠡᠭᠲᠡᠢ᠃ ᠤᠯᠠᠨ ᠬᠡᠯᠪᠡᠷᠢ ᠶᠢᠨ ᠮᠡᠳᠡᠭᠡ ᠵᠠᠭᠤᠴᠢᠯᠠᠭᠤᠷ ᠤᠨ ᠠᠴᠢᠶᠠᠯᠠᠪᠤᠷᠢ ᠳᠤ ᠲᠦᠰᠢᠭᠯᠡᠨ᠂ ᠤᠬᠠᠭᠤᠯᠭ᠎ᠠ ᠬᠦᠮᠦᠵᠢᠯ ᠢ ᠦᠷᠭᠡᠨ ᠳᠡᠯᠭᠡᠷ ᠦᠷᠨᠢᠭᠦᠯᠵᠦ᠂ ᠦᠷᠭᠡᠨ ᠤᠯᠠᠨ ᠲᠦᠮᠡᠨ ᠢ ᠢᠳᠡᠪᠬᠢᠲᠡᠢ ᠪᠠᠷ ᠡᠷᠬᠡᠲᠦ ᠠᠷᠠᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠬᠠᠮᠵᠢᠯᠴᠠᠨ᠂ ᠢᠳᠡᠪᠬᠢᠲᠡᠢ ᠪᠠᠷ ᠤᠷᠤᠯᠴᠠᠬᠤ ᠶᠢ ᠬᠦᠲᠦᠯᠦᠨ ᠵᠢᠯᠤᠭᠤᠳᠬᠤ ᠬᠡᠷᠡᠭᠲᠡᠢ᠃ ᠠᠵᠢᠯᠲᠠᠳ ᠲᠤ ᠬᠠᠨᠳᠤᠯᠭᠠᠳᠤ ᠴᠢᠨᠠᠷᠲᠠᠢ ᠮᠡᠷᠭᠡᠵᠢᠯ ᠤᠨ ᠪᠤᠯᠪᠠᠰᠤᠷᠠᠯ ᠬᠦᠷᠲᠡᠭᠡᠬᠦ ᠶᠢ ᠴᠢᠩᠭᠠᠳᠬᠠᠵᠤ᠂ ᠠᠵᠢᠯᠲᠠᠳ ᠤᠨ ᠰᠢᠰᠲ᠋ᠧᠮ ᠢ ᠠᠵᠢᠯᠯᠠᠭᠤᠯᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠦᠯᠢᠭᠡᠷ ᠠᠪᠬᠤ ᠬᠦᠮᠦᠰ ᠤᠨ ᠬᠠᠮᠠᠭᠠᠯᠠᠯᠲᠠ ᠶᠢᠨ ᠪᠤᠳᠠᠰ ᠪᠤᠯᠤᠨ ᠬᠢᠨᠠᠨ ᠰᠢᠯᠭᠠᠬᠤ ᠪᠠᠭᠠᠵᠢ ᠲᠦᠬᠦᠭᠡᠷᠦᠮᠵᠢ ᠶᠢ ᠳᠦᠷᠢᠮᠵᠢᠭᠦᠨ ᠬᠡᠷᠡᠭᠯᠡᠬᠦ  ᠶᠢ ᠪᠠᠲᠤᠯᠠᠬᠤ ᠬᠡᠷᠡᠭᠲᠡᠢ᠃ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠤᠷᠢᠯᠲᠠ ᠬᠢᠬᠦ ᠠᠬᠤᠢ ᠲᠠᠯᠠᠪᠠᠢ  ᠶᠢᠨ ᠴᠢᠳᠠᠪᠬᠢᠳᠤ ᠤᠷᠤᠨ ᠪᠦᠰᠡ ᠶᠢᠨ ᠪᠠᠶᠢᠷᠢᠯᠠᠭᠤᠯᠤᠯᠲᠠ ᠶᠢ ᠲᠠᠬᠢᠨ ᠳᠦᠷᠢᠮᠵᠢᠭᠦᠯᠵᠦ᠂ ᠠᠬᠤᠢ ᠲᠠᠯᠠᠪᠠᠢ ᠶᠢᠨ ᠡᠮᠬᠢ ᠲᠢᠭᠯᠢᠮ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠲᠦᠮᠵᠢᠲᠡᠢ᠂ ᠦᠨᠳᠦᠷ ᠦᠷ᠎ᠡ ᠠᠰᠢᠭ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠳ᠋ ᠪᠤᠳᠠᠰ ᠤᠨ ᠨᠦᠭᠡᠴᠡᠯᠡᠯᠲᠡ ᠶᠢ ᠤᠯᠠᠮ ᠨᠢᠭᠡ ᠠᠯᠤᠬᠮ ᠴᠢᠩᠭᠠᠳᠬᠠᠵᠤ᠂ ᠤᠨᠴᠠᠭᠠᠢ ᠴᠠᠭ ᠠᠭᠤᠷ ᠢ ᠠᠷᠭᠠᠴᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠬᠢ ᠶᠢ ᠨᠡᠮᠡᠭᠳᠡᠭᠦᠯᠵᠦ᠂ ᠪᠦᠬᠦ ᠠᠷᠠᠳ ᠤᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠠᠶᠢᠳᠠᠯ ᠲᠤᠬᠢᠶᠠᠯᠳᠤᠬᠤ ᠳᠤ ᠠᠬᠤᠢ ᠲᠠᠯᠠᠪᠠᠢ ᠶᠢᠨ ᠬᠤᠷᠳᠤᠨ ᠡᠮᠬᠢ ᠴᠡᠭᠴᠡᠲᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠡᠢ᠃      ᠵᠧᠦ ᠢᠦᠢ ᠯᠥᠩ ᠱᠠᠭᠠᠷᠳᠠᠬᠤ ᠳᠠᠭᠠᠨ᠂ ᠪᠠᠶᠢᠩᠭᠤ ᠶᠢᠨ ᠴᠢᠨᠠᠷᠲᠠᠢ ᠬᠢᠵᠢᠭ ᠢ ᠰᠡᠷᠭᠡᠶᠢᠯᠡᠨ ᠡᠵᠡᠮᠳᠡᠬᠦ ᠪᠤᠯ ᠴᠢᠬᠤᠯᠠ ᠤᠯᠤᠰ ᠲᠦᠷᠦ ᠶᠢᠨ ᠡᠭᠦᠷᠭᠡ ᠪᠤᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠨᠢ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠤᠨᠤᠪᠴᠢᠲᠠᠢ ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠰᠦᠯ ᠪᠠ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠡᠯᠡᠳᠬᠡᠯ ᠲᠦᠰᠦᠪ ᠢ ᠭᠦᠢᠴᠡᠳ ᠲᠡᠭᠦᠯᠳᠡᠷᠵᠢᠭᠦᠯᠵᠦ᠂ ᠪᠦᠬᠦ ᠠᠷᠠᠳ ᠤᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠤᠷᠢᠯᠲᠠ ᠶᠢᠨ ᠠᠵᠢᠯ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠪᠠᠷᠢᠯ ᠢ ᠨᠠᠷᠢᠨ ᠬᠢᠨᠠᠮᠠᠭᠠᠢ ᠳ᠋ᠦᠩᠨᠡᠵᠦ᠂ ᠲᠤᠳᠠᠭᠳᠠᠯ ᠢᠶᠠᠨ ᠨᠦᠬᠦᠪᠦᠷᠢᠯᠡᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠦᠷᠭᠦᠯᠵᠢᠯᠡᠨ ᠪᠠᠲᠤᠳᠬᠠᠵᠤ᠂ ᠠᠷᠠᠤᠨ ᠤᠯᠠᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠡᠷᠡᠭᠦᠯ ᠮᠡᠨᠳᠦ ᠶᠢ ᠡᠷᠡᠰ ᠬᠠᠮᠠᠭᠠᠯᠠᠬᠤ ᠬᠡᠷᠡᠭᠲᠡᠢ ᠭᠡᠵᠡᠢ᠃      ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠲᠡᠰ ᠤᠨ ᠡᠯ᠎ᠡ ᠲᠤᠰᠬᠠᠢ ᠲᠦᠷᠦᠯ ᠤᠨ ᠳᠤᠭᠤᠶᠢᠯᠠᠩ ᠤᠨ ᠳᠠᠷᠤᠭ᠎ᠠ᠂ ᠰᠤᠷᠢᠯᠲᠠ ᠳᠤ ᠤᠷᠤᠯᠴᠠᠭᠰᠠᠨ ᠡᠯ᠎ᠡ ᠬᠠᠮᠢᠶ᠎ᠠ ᠪᠦᠬᠦᠢ ᠭᠠᠵᠠᠷ᠂ ᠰᠠᠯᠠᠭ᠎ᠠ ᠮᠦᠴᠢᠷ ᠵᠢᠴᠢ ᠳᠠᠭᠠᠭᠠᠴᠢᠯᠠᠨ ᠬᠠᠷᠢᠴᠠᠬᠤ ᠪᠠᠶᠢᠭᠤᠯᠭ᠎ᠠ ᠶᠢᠨ ᠬᠠᠮᠢᠶᠠᠲᠠᠢ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号