ᠮᠥᠩᠭᠦᠨ ᠭᠦᠢᠯᠭᠡᠭᠡᠨ ᠤ ᠲᠤᠰᠠᠯᠠᠭᠴᠢ ᠪᠤᠳᠠᠳᠤ ᠠᠵᠢᠯᠯᠠᠭ᠎ᠠ ᠪᠠᠷ ᠢᠶᠠᠨ ᠮᠠᠯᠴᠢᠳ ᠤᠨ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2021/11/11
      ︽ᠮᠠᠯ ᠠᠵᠤ ᠠᠬᠤᠶ ᠲᠠᠷᠢᠶᠠᠯᠠᠩ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠣᠷᠣᠨ︾ ᠳᠤ ᠦᠢᠯᠡᠴᠢᠯᠡᠬᠦ ᠭᠤᠤᠯ ᠬᠦᠴᠦᠨ ᠪᠣᠯᠤᠭᠰᠠᠨ ᠤ ᠬᠤᠪᠢ ᠳᠤ᠂ ᠵᠡᠭᠦᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠰᠣᠩᠭᠤᠨ ᠲᠣᠮᠢᠯᠠᠭᠰᠠᠨ ᠭᠠᠴᠠᠭ᠎ᠠ ᠲᠣᠰᠬᠤᠨ ᠤ ᠮᠥᠩᠭᠦᠨ ᠭᠦᠢᠯᠭᠡᠭᠡᠨ ᠤ ᠲᠤᠰᠠᠯᠠᠭᠴᠢ ᠨᠠᠷ ᠴᠤ ᠭᠠᠴᠠᠭᠠᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠳᠤ ᠢᠳᠡᠪᠬᠢᠲᠡᠶ ᠣᠷᠣᠯᠴᠠᠵᠤ᠂ ᠮᠠᠯᠴᠢᠨ ᠲᠦᠮᠡᠨ ᠤ ᠰᠠᠶᠢᠨ ︽ᠬᠤᠯᠪᠣᠭᠠᠴᠢᠨ︾᠂ ︽ ᠦᠢᠯᠡᠴᠢᠯᠡᠭᠴᠢ︾ ᠪᠠ ︽ᠤᠬᠠᠭᠤᠯᠤᠭᠴᠢ ︾ ᠪᠣᠯᠵᠣ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠥᠩᠭᠦᠨ ᠭᠦᠢᠯᠭᠡᠭᠡᠨ ᠤ ᠲᠤᠰᠬᠠᠶ ᠦᠢᠯᠡᠴᠢᠯᠡᠭᠡ ᠶᠢ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠮᠥᠩᠭᠦᠨ ᠭᠦᠢᠯᠭᠡᠭᠡᠨ ᠤ ᠠᠮᠢᠵᠢᠷᠠᠯ ᠤᠨ ᠬᠦᠴᠦᠨ‌ᠨᠡᠮᠡᠷᠢᠯᠡᠵᠦ ᠪᠠᠶᠢᠨ᠎ᠠ᠃      ᠳᠠᠭᠤᠲᠤᠨᠠᠭᠤᠷ ᠪᠠᠯᠭᠠᠰᠤᠨ ᠤ ᠬᠠᠭ᠋ᠤᠪᠤᠭ᠎ᠠ‌ᠭᠠᠴᠠᠭᠠᠨ ᠤ ᠮᠠᠯᠴᠢᠨ ᠬᠦᠴᠦᠨᠲᠡᠭᠦᠰ᠂ ᠥᠩᠭᠡᠷᠡᠭᠰᠡᠨ  ᠳᠤ 100 ᠭᠠᠷᠤᠶ ᠬᠤᠨᠢ᠂ 30 ᠭᠠᠷᠤᠶ ᠠᠳᠤᠭᠤ  ᠮᠠᠯᠵᠢᠵᠤ ᠪᠠᠶᠢᠵᠠᠶ᠃ ᠭᠡᠪᠡᠴᠦ 2016 ᠣᠨ ᠳᠤ᠂ ᠠᠮᠢᠳᠤᠷᠠᠯ ᠬᠦᠴᠢᠷᠳᠡᠯ ᠲᠠᠢ ᠪᠤᠯᠵᠤ᠂ ᠵᠢᠭᠡᠯᠡᠯᠭᠡ‌ᠠᠪᠴᠤ ᠦᠢᠯᠡᠳᠪᠦᠷᠢᠯᠡᠯ ᠠᠮᠢᠳᠤᠷᠠᠯ ᠳᠠᠭᠠᠨ ᠵᠠᠷᠤᠴᠠᠭᠤᠯᠵᠠᠢ᠃ ᠮᠦᠨᠴᠦ ᠲᠤᠬᠠᠢ ᠶᠢᠨ ᠦᠶ᠎ᠡ ᠳᠤ ᠵᠢᠭᠡᠯᠡᠯᠭᠡ‌ᠠᠪᠬᠤ ᠱᠠᠭᠠᠷᠳᠠᠯᠭ᠎ᠠ ᠦᠨᠳᠦᠷ ᠪᠠᠶᠢᠭᠰᠠᠨ ᠠᠴᠠ ᠪᠠᠩᠬᠢ ᠠᠴᠠ ᠵᠢᠭᠡᠯᠡᠯᠭᠡ ᠤᠯᠵᠤ ᠳᠡᠶᠢᠯᠦᠭᠰᠡᠨ ᠦᠭᠡᠢ ᠬᠤᠪᠢ ᠬᠦᠮᠦᠨ ᠠᠴᠠ ᠵᠢᠭᠡᠯᠡᠯᠭᠡ ᠠᠪᠴᠠᠢ᠃  ᠡᠳᠡᠭᠡᠷ ᠵᠢᠯ ᠳᠤ ᠲᠡᠷᠡ ᠬᠡᠳᠦᠶᠢᠪᠡᠷ ᠠᠷᠪᠢᠯᠠᠵᠤ ᠭᠠᠮᠨᠠᠨ ᠭᠤᠴᠢ ᠭᠠᠷᠤᠢ ᠲᠦᠮᠡᠨ ᠲᠦᠭᠦᠷᠢᠭ ᠤᠨ ᠵᠢᠭᠡᠯᠡᠯᠭᠡ ᠪᠠᠨ ᠪᠤᠴᠠᠭᠠᠭᠰᠠᠨ ᠪᠤᠯᠪᠠᠴᠤ᠂ ᠪᠠᠰᠠ ᠠᠷᠪᠠ‌ᠭᠠᠷᠤᠢ ᠲᠦᠮᠡᠨ ᠲᠦᠭᠦᠷᠢᠭ ᠪᠤᠴᠠᠭᠠᠵᠤ  ᠳᠡᠶᠢᠯᠦᠭᠡ‌ᠦᠭᠡᠢ ᠬᠦᠴᠢᠷᠳᠡᠵᠦ ᠪᠠᠶᠢᠵᠠᠢ᠃ ᠳᠠᠭᠤᠲᠤᠨᠠᠭᠤᠷ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠪᠤᠯᠤᠨ ᠬᠠᠭ᠋ᠤᠪᠤᠭ᠎ᠠ ᠭᠠᠴᠠᠭᠠᠨ ᠤ ᠮᠥᠩᠭᠦᠨ ᠭᠦᠢᠯᠭᠡᠭᠡᠨ ᠤ ᠲᠤᠰᠠᠯᠠᠭᠴᠢ ᠲᠦᠭᠡᠮᠡᠯ ᠲᠣᠭᠤᠷᠢᠨ ᠪᠠᠶᠢᠴᠠᠭᠠᠬᠤ ᠳᠤᠮᠳᠠ ᠪᠠᠨ ᠡᠳᠡᠨᠡᠶᠢᠬᠢᠨ ᠤ ᠪᠠᠶᠢᠳᠠᠯ ᠢ ᠣᠶᠢᠯᠠᠭᠠᠭᠰᠠᠨ  ᠤ ᠳᠠᠷᠠᠭ᠎ᠠ᠂ ᠲᠡᠷᠡ ᠳᠠᠷᠤᠶ ᠳᠤᠨᠢ ᠲᠡᠭᠦᠨ ᠳᠤ 20 ᠲᠦᠮᠡᠨ ᠲᠥᠭᠦᠷᠢᠭ ᠤᠨ ︽ ᠮᠠᠯᠵᠢᠯ ᠤᠨ ᠵᠢᠭᠡᠯᠡᠯᠭᠡ︾ ᠣᠯᠭᠤᠨ ᠂  ᠦᠢᠯᠡᠳᠪᠦᠷᠢᠯᠡᠯ ᠠᠮᠢᠳᠤᠷᠠᠯ ᠳᠤᠨᠢ ᠲᠤᠰᠠᠯᠠᠮᠵᠢ ᠦᠵᠡᠭᠦᠯᠵᠡᠢ᠃      ᠤᠷᠲᠤ ᠬᠤᠭᠤᠴᠠᠭᠠᠨ ᠤ ᠲᠤᠷᠰᠢ᠂ ᠵᠡᠭᠦᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ‌ᠨᠢ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠠᠷᠢᠭᠤᠴᠠᠯᠭ᠎ᠠ ᠡᠭᠦᠷᠭᠡᠯᠡᠯ ᠢ ᠢᠳᠡᠪᠬᠢᠲᠡᠶ ᠦᠢᠯᠡᠳᠦᠯᠭᠡᠵᠢᠭᠦᠯᠵᠦ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ︽ᠨᠠᠮ ᠤᠨ ᠪᠠᠶᠢᠭᠤᠯᠤᠯᠲᠠ + ᠮᠥᠩᠭᠦᠨ ᠭᠦᠢᠯᠭᠡᠭᠡᠨ ᠤ ᠲᠤᠰᠠᠯᠠᠭᠴᠢ︾ ᠶᠢᠨ ᠵᠠᠭᠪᠤᠷ ᠢ ᠬᠡᠷᠡᠭᠵᠢᠭᠦᠯᠵᠦ᠂ ᠥᠷᠭᠡᠨ ᠣᠯᠠᠨ ᠮᠠᠯᠴᠢᠨ ᠲᠦᠮᠡᠨ ᠳᠤ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠪᠠ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠭᠦᠢᠴᠡᠳ  ᠤᠶᠢᠯᠠᠭᠠᠭᠤᠯᠵᠤ᠂ ᠮᠠᠯᠴᠢᠨ ᠲᠦᠮᠡᠨ ᠤ ᠵᠢᠭᠡᠯᠡᠯᠭᠡ ᠵᠢᠭᠡᠯᠡᠬᠦ ᠳᠤ ᠬᠦᠴᠢᠷ᠂ ᠪᠡᠯᠡ ᠮᠥᠩᠭᠦ ᠬᠤᠷᠠᠮᠳᠤᠭᠤᠯᠬᠤ  ᠳᠤ ᠬᠦᠴᠢᠷ᠂ ᠳᠠᠩᠰᠠ ᠪᠣᠳᠣᠵᠤ ᠠᠵᠤ ᠡᠷᠬᠢᠯᠡᠬᠦ  ᠳᠤ ᠬᠦᠴᠢᠷ᠂ ᠠᠷᠠᠳ ᠤᠨ ᠬᠤᠭᠤᠷᠣᠨᠳᠣᠬᠢ ᠥᠨᠳᠥᠷ ᠬᠦᠦ ᠲᠠᠢ ᠵᠢᠭᠡᠯᠡᠯᠭᠡ‌ᠵᠢᠨ ᠦᠯᠡᠳᠡᠭᠳᠡᠯ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠠᠨᠠᠭᠠᠴᠢᠯᠠᠭ᠎ᠠ‌ᠡᠴᠠ ᠪᠠᠨ ᠠᠭᠤᠰᠤᠯᠴᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠬᠢᠬᠦ ︽ᠨᠠᠩ ᠳᠣᠲᠣᠨᠣ᠂ ᠨᠡᠩ ᠣᠶᠢᠷᠠᠬᠠᠨ᠂ ᠨᠡᠩ‌‍ᠪᠣᠳᠠᠲᠠᠶ᠂ ᠨᠠᠩ ᠬᠤᠷᠳᠤᠨ᠂ ᠨᠠᠩ‌‍ᠰᠢᠯᠢᠳᠡᠭ︾ ᠬᠦᠳᠡᠭᠡ ᠳᠤᠰᠬᠤᠨ ᠤ ᠢᠲᠡᠭᠡᠮᠵᠢ ᠶᠢᠨ ᠦᠢᠯᠡᠴᠢᠯᠡᠭᠡ ᠪᠠᠷ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠦᠨᠡᠨᠬᠦ  ᠠᠬᠢᠭᠤᠯᠵᠠᠢ᠃      ᠣᠶᠢᠯᠠᠭᠠᠭᠰᠠᠨ ᠢᠶᠠᠷ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾  ᠦᠢᠯᠡᠳᠦᠯᠭᠡ  ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠮᠠᠯᠴᠢᠨ ᠲᠦᠮᠡᠨ ᠤ ᠲᠤᠰᠬᠠᠭᠰᠠᠨ ᠵᠢᠭᠡᠯᠡᠯᠭᠡ ᠵᠢᠭᠡᠯᠡᠬᠦ ᠳᠤ ᠬᠦᠴᠢᠷᠲᠡᠶ᠂ ᠬᠦᠤ ᠮᠥᠩᠭᠦ ᠨᠢ ᠦᠨᠡᠲᠡᠢ ᠪᠠᠶᠢᠭ᠎ᠠ ᠵᠢᠴᠢ ᠲᠠᠩᠰᠠ ᠪᠤᠳᠤᠵᠤ ᠠᠵᠤ ᠡᠷᠬᠢᠯᠡᠬᠦ ᠳᠤ ᠵᠥᠷᠢᠶ᠎ᠡ ᠲᠠᠢ᠂ ᠥᠨᠳᠥᠷ ᠬᠦᠦ ᠲᠠᠢ ᠵᠢᠭᠡᠯᠡᠯᠭᠡ ᠶᠢᠨ ᠦᠯᠡᠳᠡᠭᠳᠡᠯ ᠵᠡᠷᠭᠡ ᠪᠤᠳᠠᠳᠠᠢ ᠠᠰᠠᠭᠤᠳᠠᠯ ᠢ  ᠰᠢᠢᠳᠪᠦᠷᠢᠯᠡᠬᠦ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠨᠢ ︽ᠲᠤᠬᠠᠶ ᠶᠢᠨ ᠭᠠᠵᠠᠷ ᠤᠨ ᠣᠶᠢᠷ᠎ᠠ ᠬᠠᠪᠢ ᠳᠠᠭᠠᠨ᠂ ᠰᠢᠯᠢᠳᠡᠭ ᠢ ᠨᠢ ᠰᠣᠩᠭᠤᠨ ᠲᠣᠮᠢᠯᠠᠬᠤ᠂ ᠵᠣᠬᠢᠰᠲᠠᠶ ᠲᠣᠬᠢᠷᠠᠭᠤᠯᠬᠤ᠂ ᠪᠥᠬᠦ ᠲᠠᠯ᠎ᠠ ᠪᠠᠷ ᠪᠥᠷᠬᠦᠭᠦᠯᠬᠦ︾ ᠵᠠᠷᠴᠢᠮ ᠶᠣᠰᠣᠭᠠᠷ᠂ ᠬᠤᠯᠪᠣᠭᠠᠲᠤ ᠬᠤᠷᠰᠢᠶ᠎ᠠ‌‍ᠶᠢᠨ ᠡᠯ᠎ᠡ‌ᠡᠵᠡᠩᠨᠡᠯᠲᠡ ᠶᠢᠨ ᠴᠡᠭ ᠤᠨ 54 ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠬᠠᠷᠢᠶ᠎ᠠ ᠣᠷᠣᠨ ᠤ 62 ᠭᠠᠴᠠᠭᠠᠨ ᠳᠤ ︽ᠮᠥᠩᠭᠦᠨ ᠭᠦᠢᠯᠭᠡᠭᠡᠨ ᠤ ᠲᠤᠰᠠᠯᠠᠭᠴᠢ︾ ᠪᠠᠷ ᠰᠣᠩᠭᠤᠨ ᠲᠣᠮᠢᠯᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯ ᠢ ᠦᠷᠨᠢᠭᠦᠯᠦᠭᠰᠡᠨ ᠪᠠᠶᠢᠨ᠎ᠠ᠃      ᠣᠳᠣᠬᠠᠨ ᠪᠣᠯᠲᠠᠯ᠎ᠠ᠂ ᠪᠥᠬᠦ ᠬᠠᠷᠢᠶ᠎ᠠ ᠤᠷᠤᠨ ᠤ ᠳᠠᠩᠰᠠᠯᠠᠵᠤ ᠺᠠᠷᠲᠯᠠᠭᠰᠠᠨ ᠡᠷᠦᠬᠡ‌‍ᠳᠤ 207 ᠲᠦᠮᠡᠨ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠣᠯᠭᠤᠵᠤ᠂ ᠮᠠᠯᠵᠢᠬᠤ ᠡᠷᠦᠬᠡ ᠪᠠᠷ ᠬᠦᠷᠴᠦ 434 ᠤᠳᠠᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ‌ᠦᠷᠨᠢᠭᠦᠯᠦᠨ᠂ ᠭᠠᠷ ᠤᠲᠠᠰᠤᠨ ᠤ ᠪᠠᠩᠬᠢ ᠶᠢ ᠠᠰᠢᠭᠯᠠᠭᠰᠠᠨ ᠪᠦᠷᠬᠦᠴᠡ ᠶᠢᠨ ᠨᠣᠷᠮ᠎ᠠ 54.25 % ᠳᠤ ᠬᠦᠷᠴᠦ᠂ ᠮᠠᠯᠴᠢᠨ ᠲᠦᠮᠡᠨ ᠤ 17 ᠵᠦᠢᠯ ᠤᠨ ᠬᠦᠴᠢᠷᠳᠡᠯᠲᠡᠶ ᠠᠰᠠᠭᠤᠳᠠᠯ ᠢ  ᠰᠢᠢᠳᠪᠦᠷᠢᠯᠡᠵᠦ ᠦᠭᠴᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号