ᠪᠦᠬᠦ ᠬᠤᠰᠢᠭᠤᠨ ᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠢᠯᠠᠩ ᠤᠨ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/11/11
       11 ᠰᠠᠷ᠎ᠠ ᠶᠢᠨ 8 ᠤ ᠡᠳᠦᠷ᠂  ᠮᠠᠨ ᠤ ᠬᠤᠰᠢᠭᠤ ᠪᠥᠬᠦ ᠬᠤᠰᠢᠭᠤᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠪᠠᠶᠢᠩᠭᠤ ᠶᠢᠨ ᠳᠡᠳ᠋ ᠬᠤᠰᠢᠭᠤ ᠳᠠᠷᠤᠭ᠎ᠠ᠂ ᠪᠥᠬᠦ ᠬᠤᠰᠢᠭᠤᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠢᠤᠢ ᠶᠢᠩ ᠵᠢᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠬᠤᠷᠠᠯ ᠢ ᠡᠷᠬᠢᠯᠡᠵᠡᠢ᠃             ᠪᠥᠬᠦ ᠬᠤᠰᠢᠭᠤᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 31 ᠪᠦᠷᠢᠯᠳᠦᠬᠦᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠰᠢᠤᠢ ᠢᠩ ᠵᠢᠶᠠᠨ‌ᠵᠢᠭᠠᠬᠤ ᠳᠠᠭᠠᠨ᠂ ᠨᠠᠰᠤᠨ ᠳᠤ ᠥᠯᠥ ᠭᠦᠷᠦᠭᠰᠡᠳ ᠪᠣᠯ ᠬᠡᠷ ᠪᠦᠯᠢ ᠪᠠ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ‌ᠠᠰᠢᠭ ᠢ ᠬᠠᠮᠠᠭᠠᠯᠠᠵᠤ᠂ ᠲᠡᠳᠡᠨ ᠤ ᠡᠷᠡᠭᠦᠯ ᠢᠶᠠᠷ  ᠥᠰᠦᠨ ᠪᠣᠶᠢᠵᠢᠬᠤ ᠳᠤᠨᠢ ᠬᠠᠪᠰᠤᠷᠤᠯᠭ᠎ᠠ ᠳᠡᠮᠵᠢᠭᠡ ᠦᠵᠡᠭᠦᠯᠬᠦ ᠨᠢ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ  ᠳᠤ ᠬᠤᠯᠪᠣᠭᠳᠠᠬᠤ ᠮᠥᠷᠲᠡᠭᠡᠨ ᠨᠠᠩ ᠴᠤ ᠨᠠᠮ ᠪᠠ ᠤᠯᠤᠰ ᠤᠨ ᠢᠷᠡᠭᠡᠳᠦᠶ ᠳᠤ ᠬᠤᠯᠪᠣᠭᠳᠠᠵᠤ ᠪᠠᠶᠢᠳᠠᠭ ᠶᠤᠮ ᠭᠡᠪᠡ᠃       ᠰᠢᠤᠢ ᠶᠢᠩ ᠵᠢᠶᠠᠨ ᠴᠢᠬᠤᠯᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠬᠦᠢᠴᠡᠳ ᠲᠠᠨᠢᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠭᠤᠤᠯᠳᠠᠯᠭ᠎ᠠ ᠲᠠᠢ ᠠᠵᠢᠯ ᠢ ᠪᠣᠳᠠᠲᠠᠶ ᠨᠠᠷᠢᠯᠢᠭ ᠬᠢᠵᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠨᠠᠰᠤᠨ ᠳᠤ ᠥᠯᠥ ᠭᠦᠷᠦᠭᠰᠡᠳ ᠤᠨ  ᠦᠰᠦᠨ ᠪᠤᠶᠢᠵᠢᠬᠤ ᠣᠷᠴᠢᠨ ᠲᠤᠭᠤᠷᠢᠨ ᠢ ᠴᠡᠪᠡᠷᠰᠢᠭᠦᠯᠵᠦ᠂  ᠲᠡᠳᠡᠨ ᠢ ᠬᠠᠯᠠᠮᠵᠢᠯᠠᠨ ᠬᠠᠶᠢᠷᠠᠯᠠᠵᠤ ᠲᠡᠳᠡᠨ ᠳᠤ ᠦᠢᠯᠡᠴᠢᠯᠡᠬᠦ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠢ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠬᠦᠴᠦᠷᠬᠡᠭ ᠶᠡᠭᠡ ᠬᠠᠮᠲᠦᠷᠠᠭᠰᠠᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠬᠦᠷᠢᠶᠡᠨ ᠳᠠᠬᠢ ᠰᠢᠨ᠎ᠡ ᠪᠠᠶᠢᠳᠠᠯ ᠰᠢᠨ᠎ᠡ‌ᠠᠰᠠᠭᠤᠳᠠᠯ ᠢ ᠰᠤᠳᠤᠯᠤᠨ ᠰᠢᠢᠳᠪᠤᠷᠢᠯᠡᠬᠦ  ᠶᠢ ᠴᠢᠬᠤᠯᠠᠴᠢᠯᠠᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠪᠠᠶᠢᠭᠤᠯᠤᠯᠲᠠ᠂ ᠨᠡᠶᠢᠭᠡᠮ ᠤᠨ ᠥᠭᠡᠷᠡᠴᠢᠯᠡᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠢᠯ ᠤᠨ ᠡᠭᠦᠷᠭᠡ ᠲᠠᠢ ᠵᠡᠷᠭᠡᠪᠡᠷ ᠠᠬᠢᠭᠤᠯᠵᠤ᠂ ᠨᠠᠰᠤᠨ ᠳᠤ ᠥᠯᠥ ᠭᠦᠷᠦᠭᠰᠡᠳ ᠢ ᠦᠨᠡᠨ ᠬᠦ ᠰᠠᠶᠢᠲᠤᠷ ᠬᠠᠮᠠᠭᠠᠯᠠᠵᠤ᠂ ᠰᠠᠶᠢᠲᠤᠷ ᠬᠠᠯᠠᠮᠵᠢᠯᠠᠵᠤ᠂ ᠰᠠᠶᠢᠲᠤᠷ ᠬᠠᠶᠢᠷᠠᠯᠠᠵᠤ᠂ ᠮᠠᠨ ᠤ ᠬᠤᠰᠢᠭᠤᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠡᠢ᠃       ᠠᠯᠲᠠᠨᠪᠠᠭᠠᠨ᠎ᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ‌ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ‌‍ᠶᠢ ᠲᠡᠷᠡ ᠶᠣᠰᠣᠭᠠᠷ ᠨᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠤᠨ ᠬᠠᠮᠲᠦᠷᠠᠭᠰᠠᠨ ᠬᠦᠴᠦᠨ ᠢ ᠪᠦᠷᠢᠯᠳᠦᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠪᠠ ᠬᠤᠰᠢᠭᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠵᠣᠬᠢᠴᠠᠭᠤᠯᠬᠤ ᠦᠢᠯᠡᠳᠦᠯ  ᠢᠶᠠᠨ ᠬᠦᠢᠴᠡᠳ ᠪᠠᠳᠠᠷᠠᠭᠤᠯᠵᠤ᠂  ᠪᠥᠬᠦ ᠲᠠᠯ᠎ᠠ ᠶᠢᠨ ᠵᠣᠬᠢᠴᠠᠭᠤᠯᠭ᠎ᠠ ᠨᠡᠪᠲᠡᠷᠡᠯᠴᠡᠭᠡ  ᠪᠠᠨ ᠴᠢᠩᠭᠠᠳᠬᠠᠵᠤ᠂ ᠠᠵᠢᠯ ᠢᠶᠠᠨ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ  ᠠᠬᠢᠭᠤᠯᠤᠨ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠪᠡ᠃       ᠬᠤᠷᠠᠯ ᠠᠴᠠ ᠪᠥᠬᠦ ᠬᠤᠰᠢᠭᠤᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂  ᠬᠤᠰᠢᠭᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ‌‍ᠲ᠋ᠣᠰ ᠲᠣᠰ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠲᠤᠬᠠᠶ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号