ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭᠠᠶᠢᠨ ᠪᠦᠷᠬᠦᠴᠡ ᠶᠢᠨ ᠨᠣᠷᠮ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠲᠠᠷᠬᠠᠯᠠᠭᠠᠶᠢᠨ ᠬᠠᠯᠬᠠᠪᠴᠢ ᠶᠢ ᠲᠦᠷᠭᠡᠬᠡᠨ ᠪᠠᠶᠢᠭᠤᠯᠵᠤ᠂ ᠪᠦᠬᠦᠯᠢ | 12 ᠨᠠᠰᠤᠨ ᠠᠴᠠ ᠳᠡᠭᠡᠭᠰᠢᠬᠢ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ | ᠨᠢᠭᠡᠳᠦᠭᠡᠷ ᠲᠠᠷᠢᠯᠭ᠎ᠠ᠂ ᠬᠤᠶᠠᠳᠤᠭᠠᠷ ᠲᠠᠷᠢᠯᠭ᠎ᠠ ᠵᠢᠴᠢ ᠭᠤᠷᠪᠠᠳᠤᠭᠠᠷ ᠲᠠᠷᠢᠯᠭ᠎ᠠ ᠶᠢ ᠲᠠᠷᠢᠬᠤ ᠠᠵᠢᠯ ᠢ ᠦᠷᠭᠦᠯᠵᠢᠯᠡᠨ | ᠰᠠᠶᠢᠲᠤᠷ ᠬᠢᠭᠰᠡᠨ ᠰᠠᠭᠤᠷᠢᠨ ᠳᠡᠭᠡᠷ᠎ᠡ᠂ 11 ᠰᠠᠷ᠎ᠠ ᠶᠢᠨ 10 ᠤ ᠡᠳᠦᠷ ᠠᠴᠠ ᠡᠬᠢᠯᠡᠨ᠂ ᠮᠠᠨ ᠤ ᠬᠤᠰᠢᠭᠤ | ᠪᠦᠬᠦᠯᠢ 3 —11 ᠨᠠᠰᠤᠨ ᠤ ᠬᠡᠣᠬᠡᠳ ᠪᠠᠭᠠᠴᠣᠳ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠸᠠᠺᠼᠢᠨ ᠤ ᠲᠠᠷᠢᠯᠭ᠎ᠠ ᠲᠠᠷᠢᠵᠦ ᠠᠵᠢᠯ ᠢ ᠪᠥᠬᠦ ᠲᠠᠯ᠎ᠠ ᠪᠠᠷ ᠡᠬᠢᠯᠡᠭᠦᠯᠦᠭᠰᠡᠨ ᠪᠠᠶᠢᠨ᠎ᠠ᠃ | | ᠣᠶᠢᠯᠠᠭᠠᠭᠰᠠᠨ ᠢᠶᠠᠷ᠂ ᠪᠦᠬᠦᠯᠢ 3—11 ᠨᠠᠰᠤᠨ ᠤ ᠬᠡᠣᠬᠡᠳ ᠪᠠᠭᠠᠴᠣᠳ ᠲᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭᠠᠲ᠋ᠠᠷᠢᠬᠤ ᠦᠶᠡᠳᠤ ᠭᠡᠷ ᠤᠨ ᠠᠬᠠᠮᠠᠳ ᠱᠠᠭᠠᠷᠳᠠᠯᠭ᠎ᠠ ᠶᠣᠰᠣᠭᠠᠷ | ᠪᠦᠬᠦ ᠶᠠᠪᠤᠴᠡ ᠳᠤ ᠬᠡᠤᠬᠡᠳ ᠲᠠᠢ ᠪᠠᠨ ᠬᠠᠮᠲᠦ ᠪᠠᠶᠢᠵᠦ᠂ ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ ᠲᠤ | ᠭᠠᠷ ᠤᠨ ᠥᠰᠥᠭ ᠵᠢᠷᠤᠬᠤ ᠴᠢᠬᠤᠯᠠᠲᠠᠶ ᠪᠥᠭᠡᠳ ᠬᠡᠦᠬᠡᠳ ᠤᠨ ᠢᠶᠠᠨ ᠲᠠᠷᠢᠯᠭ᠎ᠠ ᠶᠢᠨ ᠳᠡᠪᠲᠡᠷ᠂ ᠪᠡᠶ᠎ᠡ ᠶᠢᠨ | ᠦᠨᠡᠮᠯᠡᠯ᠂ ᠡᠷᠦᠬᠡ ᠠᠮᠠ ᠶᠢᠨ ᠳᠡᠪᠲᠡᠷ ᠵᠡᠷᠭᠡ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢᠶᠠᠨ ᠠᠪᠴᠤ᠂ ᠠᠮᠠᠪᠴᠢ | ᠵᠡᠭᠦᠬᠦ᠂ ᠨᠢᠭᠡ ᠮᠧᠲᠷ ᠤᠨ ᠠᠮᠤᠷ ᠲᠦᠪᠰᠢᠨ ᠤ ᠵᠠᠶ ᠶᠢ ᠪᠠᠲᠤᠯᠠᠬᠤ ᠵᠡᠷᠭᠡ ᠬᠤᠪᠢ ᠬᠥᠮᠦᠨ ᠤ ᠬᠠᠮᠠᠭᠠᠯᠠᠯᠲᠠ ᠶᠢ | ᠪᠥᠬᠦ ᠶᠠᠪᠤᠴᠠ ᠳᠤ ᠰᠠᠶᠢᠲᠤᠷ ᠬᠢᠬᠦ ᠬᠡᠷᠡᠭᠲᠠᠢ᠃ | | ᠠᠬᠤᠢ ᠲᠠᠯᠠᠪᠠᠢ ᠳᠤ᠂ ᠬᠡᠷ ᠤᠨ ᠠᠬᠠᠮᠠᠳ ᠬᠡᠦᠬᠡᠳ ᠢᠶᠠᠨ ᠳᠠᠭᠠᠭᠤᠯᠤᠨ ᠰᠢᠨ᠎ᠡᠲ᠋ᠢᠲᠢᠮᠯᠢᠭ ᠠᠭᠤᠰᠬᠢᠨ | ᠦᠷᠪᠢᠰᠦᠯ ᠤᠨ ᠸᠠᠺᠼᠢᠨ ᠤ ᠲᠠᠷᠢᠯᠭ᠎ᠠ ᠲᠠᠷᠢᠭᠤᠯᠵᠤ᠂ ᠬᠡᠷ ᠤᠨ ᠠᠬᠠᠮᠠᠳ ᠭᠠᠷ ᠤᠨ ᠥᠰᠥᠭᠵᠢᠷᠤᠬᠤ᠂ | ᠬᠡᠣᠬᠡᠳ ᠤᠨ ᠮᠡᠳᠡᠭᠡ ᠵᠠᠩᠭᠢ ᠶᠢ ᠳᠠᠩᠰᠠᠯᠠᠬᠤ᠂ ᠲᠠᠷᠢᠯᠭ᠎ᠠ ᠲᠠᠷᠢᠬᠤ ᠵᠡᠷᠭᠡ ᠪᠦᠬᠦ᠋ᠢᠯᠡ ᠶᠠᠪᠤᠴᠠ ᠨᠢ ᠡᠮᠬᠢ | ᠵᠢᠷᠤᠮ ᠲᠠᠢ ᠶᠠᠪᠤᠭᠳᠠᠵᠤ ᠪᠠᠶᠢᠯ᠎ᠠ᠃ ᠣᠳᠣᠬᠠᠨ ᠳᠤ᠂ ᠮᠠᠨ ᠤ ᠬᠤᠰᠢᠭᠤᠨ ᠤ ᠪᠦᠬᠦᠯᠢ 3—11 ᠨᠠᠰᠤᠨ ᠤ | ᠬᠡᠣᠬᠡᠳ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠲᠠᠷᠢᠬᠤ ᠴᠡᠭ ᠢ ᠬᠤᠰᠢᠭᠤ | ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ︵ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ | ᠪᠠᠷᠠᠭᠤᠨ ᠲᠠᠯ᠎ᠠ︶ ᠲᠤ ᠳᠣᠬᠢᠷᠠᠭᠤᠯᠵᠤ᠂ ᠭᠠᠷᠠᠭ ᠪᠦᠷᠢ ᠶᠢᠨ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ | ᠪᠣᠯᠲᠠᠯ᠎ᠠ᠂ ᠦᠳᠡ ᠶᠢᠨ ᠡᠮᠦᠨᠡᠬᠢ 8᠄ 30—11᠄ 30᠂ ᠦᠳᠡ ᠶᠢᠨ ᠬᠤᠶᠢᠨ᠎ᠠ 14᠄ 30—17᠄ 30 | ᠪᠣᠯᠲᠠᠯ᠎ᠠ ᠬᠤᠭᠤᠴᠠᠭᠠᠨ ᠳᠤ ᠲᠠᠷᠢᠯᠭ᠎ᠠ ᠲᠠᠷᠢᠭᠤᠯᠵᠤ ᠪᠣᠯᠤᠨ᠎ᠠ᠃ | | | | |