ᠮᠠᠨ ᠤ ᠬᠤᠰᠢᠭᠤ 2021ᠣᠨ ᠤ ᠶᠡᠷᠦᠩᠬᠡᠢ ᠭᠤᠤᠯ ᠨᠠᠭᠤᠷ ᠤᠨ ᠳᠠᠷᠤᠭ᠎ᠠ ᠶᠢᠨ ᠬᠤᠷᠠᠯ ᠵᠢᠴᠢ ᠭᠤᠤᠯ ᠨᠠᠭᠤᠷ  ᠤᠨ ᠳᠠᠷᠤᠭ᠎ᠠ ᠶᠢᠨ ᠲᠦᠷᠢᠮ ᠤᠨ ᠠᠵᠢᠯ ᠢ ᠠᠬᠢᠭᠤᠯᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/11/15
      11 ᠰᠠᠷ᠎ᠠ‌‍ᠶᠢᠨ 10 ᠤ ᠡᠳᠦᠷ᠂ ᠮᠠᠨ ᠤ  ᠬᠤᠰᠢᠭᠤ 2021 ᠣᠨ ᠤ ᠶᠡᠷᠦᠩᠬᠡᠶ ᠭᠤᠤᠯ ᠨᠠᠭᠤᠷ ᠤᠨ ᠳᠠᠷᠤᠭ᠎ᠠ‌‍ᠶᠢᠨ ᠬᠤᠷᠠᠯ ᠵᠢᠴᠢ ᠭᠤᠤᠯ ᠨᠠᠭᠤᠷ ᠤᠨ ᠳᠠᠷᠤᠭ᠎ᠠ‌‍ᠶᠢᠨ ᠲᠦᠷᠢᠮ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ 2021 ᠣᠨ ᠤ ᠪᠥᠬᠦ ᠬᠤᠰᠢᠭᠤᠨ ᠤ ᠭᠤᠤᠯ ᠨᠠᠭᠤᠷ  ᠤᠨ ᠳᠠᠷᠤᠭ᠎ᠠ ᠶᠢᠨ ᠲᠦᠷᠢᠮ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠱᠠᠲᠤᠨ ᠤ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
     ᠬᠤᠰᠢᠭᠤ ᠨᠠᠮ ᠤᠨ ᠬᠤᠷᠢᠶᠠᠨ ᠤ ᠱᠦᠵᠢ᠂ ᠶᠡᠷᠦᠩᠬᠡᠶ ᠭᠤᠤᠯ ︵ᠨᠠᠭᠤᠷ︶ ᠤᠨ ᠳᠠᠷᠤᠭ᠎ᠠ‌‍ᠬᠢᠩᠭᠠᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠣᠷᠣᠯᠠᠭᠴᠢ ᠬᠤᠰᠢᠭᠤ  ᠳᠠᠷᠤᠭ᠎ᠠ ᠵᠧᠤ ᠢᠦᠶ ᠯᠦᠩ‌ᠬᠤᠷᠠᠯ ᠢ  ᠡᠷᠬᠢᠯᠡᠵᠡᠢ᠃      ᠬᠢᠩᠭᠠᠨ ᠵᠢᠭᠠᠬᠤ ᠳᠠᠭᠠᠨ᠂ ᠭᠤᠣᠯ ᠨᠠᠭᠤᠷ ᠤᠨ ᠳᠠᠷᠤᠭ᠎ᠠ‌‍ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠨᠠᠶᠢᠲᠠᠪᠤᠷᠢᠵᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ‌‍ᠶᠢ ᠴᠢᠩᠭᠠᠳᠬᠠᠬᠤ ᠴᠢᠬᠤᠯᠠ ᠠᠷᠭ᠎ᠠ‌‍ᠬᠡᠮᠵᠢᠶ᠎ᠡ‌‍ᠪᠣᠯᠤᠨ᠎ᠠ᠃ ᠡᠨᠡ ᠵᠢᠯ ᠠᠴᠠ ᠨᠠᠰᠢ᠂ ᠮᠠᠨ ᠤ ᠬᠤᠰᠢᠭᠤ ᠭᠤᠤᠯ ᠨᠠᠭᠤᠷ ᠤᠨ ᠳᠠᠷᠤᠭ᠎ᠠ‌‍ᠶᠢᠨ ᠲᠦᠷᠢᠮ ᠢ ᠪᠥᠬᠦ ᠲᠠᠯ᠎ᠠ‌‍ᠪᠠᠷ ᠬᠡᠷᠡᠭᠵᠢᠭᠦᠯᠬᠦ ᠲᠤᠬᠠᠶ ᠳᠡᠭᠡᠳᠦ ᠱᠠᠲᠤᠨ ᠤ ᠰᠢᠢᠳᠪᠦᠷᠢᠳᠤ ᠪᠣᠳᠣᠯᠭ᠎ᠠ‌‍ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ 57 ᠭᠤᠤᠯᠳᠠᠯᠭ᠎ᠠ‌‍ᠲ᠋ᠠᠢ ᠭᠤᠤᠯ ︵ᠨᠠᠭᠤᠷ︶ ᠲᠤ ᠭᠤᠷᠪᠠᠨ ᠱᠠᠲᠤᠨ ᠤ ᠭᠤᠤᠯ ᠨᠠᠭᠤᠷ ᠤᠨ ᠳᠠᠷᠤᠭ᠎ᠠ  ᠶᠢ ᠤᠯᠠᠮ ᠨᠢᠭᠡ ᠠᠯᠬᠤᠮ ᠲᠣᠬᠢᠷᠠᠭᠤᠯᠤᠨ ᠲᠡᠭᠦᠯᠳᠡᠷᠵᠢᠭᠦᠯᠵᠦ᠂ ᠭᠤᠤᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ ᠶᠢ ᠪᠡᠶᠡᠯᠡᠭᠦᠯᠵᠦ᠂ ︽ᠨᠢᠭᠡ‌ᠭᠤᠤᠯ ᠨᠠᠭᠤᠷ ᠤᠨ ᠨᠢᠭᠡ ᠲᠠᠩᠰᠠ ᠡᠪᠬᠡᠮᠡᠯ ᠲᠠᠢ ᠪᠠᠶᠢᠬᠤ︾ ᠰᠠᠭᠤᠷᠢ ᠲᠠᠩᠰᠠ ᠪᠠ ︽ᠨᠢᠭᠡ‌ᠭᠤᠤᠯ ᠨᠠᠭᠤᠷ ‍ᠦᠨ‌ᠨᠢᠭᠡ‌ᠠᠷᠭ᠎ᠠ ᠪᠣᠳᠣᠯᠭ᠎ᠠ ᠲᠠᠢ ᠪᠠᠶᠢᠬᠤ︾ ᠬᠠᠮᠠᠭᠠᠯᠠᠯᠲᠠ ᠶᠢᠨ ᠲᠥᠰᠦᠯ ᠢ ᠪᠠᠶᠢᠭᠤᠯᠵᠤ᠂ ︽ᠳᠥᠷᠪᠡ ᠶᠢ ᠴᠡᠪᠡᠷᠯᠡᠬᠦ︾᠂ ︽ᠬᠠᠪᠤᠷ ᠤᠨ ᠤᠯᠠᠷᠢᠯ ᠤᠨ ᠠᠵᠢᠯᠯᠠᠭ᠎ᠠ︾᠂ ︽ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠠᠷᠢᠯᠭ᠎ᠠ‌ᠢ ᠳᠠᠬᠢᠨ ᠵᠢᠭᠰᠠᠭᠠᠨ ᠪᠠᠶᠢᠴᠠᠭᠠᠬᠤ︾᠂ ︽ᠬᠠᠤᠯᠢ ᠪᠤᠰᠤ ᠪᠠᠷ ᠬᠠᠶᠢᠷ ᠮᠠᠯᠲᠠᠬᠤ ᠳᠤ ᠴᠣᠬᠢᠯᠲᠠ ᠥᠭᠬᠦ︾ ᠵᠡᠷᠭᠡ ᠲᠤᠰᠬᠠᠢ ᠲᠦᠷᠦᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠦᠷᠨᠢᠭᠦᠯᠵᠦ᠂  ︽ᠭᠤᠣᠯ ᠮᠥᠷᠡᠨ ᠤᠷᠤᠰᠬᠠᠯ ᠳᠠᠰᠤᠷᠠᠬᠤ ᠦᠭᠡᠢ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ︾ ᠪᠠᠶᠢᠬᠤ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ ᠠᠮᠵᠢᠯᠲᠠ ᠪᠠᠨ ᠪᠥᠬᠦ ᠲᠠᠯ᠎ᠠ‌‍ᠪᠠᠷ ᠪᠤᠰᠤᠳᠴᠢ ᠪᠠᠷ ᠳ᠋ᠦᠩᠨᠡᠬᠦ  ᠶᠢᠨ ᠬᠠᠮᠲᠤ᠂ ᠪᠢᠳᠡ ᠪᠠᠰᠠ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ‌‍ᠬᠦ᠋ᠷᠦᠯᠴᠡᠬᠦ ᠥᠬᠡᠶ‌ᠠᠰᠠᠭᠤᠳᠠᠯ ᠢ ᠰᠡᠷᠭᠡᠭ ᠢᠶᠠᠷ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠡᠯ᠎ᠡ‌‍ᠱᠠᠲᠤᠨ ᠤ ᠬᠠᠷᠢᠭᠤᠴᠠᠯᠭ᠎ᠠ‌‍ᠶᠢ ᠴᠢᠩᠭ᠎ᠠ ᠪᠣᠳᠠᠲᠠᠶ ᠨᠠᠶᠢᠳᠠᠪᠤᠷᠢᠵᠢᠭᠤᠯᠵᠤ᠂ ᠴᠢᠩᠭ᠎ᠠ ᠬᠦᠴᠦᠲᠡᠶ ᠠᠷᠭ᠎ᠠ‌‍ᠬᠡᠮᠵᠢᠶ᠎ᠡ‌‍ᠪᠠᠷ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ‌‍ᠶᠢᠨ ᠲᠦᠷᠢᠮ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠰᠡᠳᠬᠢᠯ ᠳᠡᠯᠪᠢᠨ ᠬᠦᠴᠦ ᠣᠷᠣᠭᠤᠯᠤᠨ ᠠᠬᠢᠭᠤᠯᠬᠤ ᠬᠡᠷᠡᠭᠲᠡᠶ ᠭᠡᠵᠡᠢ᠃      ᠬᠢᠩᠭᠠᠨ ᠴᠢᠬᠤᠯᠠᠴᠢᠯᠠᠬᠤ ᠳᠠᠭᠠᠨ᠂ ᠪᠥᠬᠦ ᠬᠤᠰᠢᠭᠤᠨ ᠤ ᠡᠯ᠎ᠡ‌ᠭᠠᠵᠠᠷ ᠡᠯ᠎ᠡ‌‍ᠰᠠᠯᠠᠭ᠎ᠠ ᠮᠥᠴᠢᠷ ᠤᠨ ᠬᠢᠨ ᠲᠣᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ‌‍ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠤᠯ ᠨᠠᠭᠤᠷ ᠢ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠠᠳᠬᠤᠬᠤ ᠳᠡᠭᠡᠷ᠎ᠡ‌‍ᠬᠦ᠋ᠴᠦ ᠲᠠᠯᠪᠢᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ‌‍ᠪᠠᠨ ᠦᠨᠡᠨ ᠬᠦ ᠭᠦᠢᠴᠡᠳᠬᠡᠵᠦ᠂ ᠭᠤᠤᠯ ᠨᠠᠭᠤᠷ ᠤᠨ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ︽ᠳᠥᠷᠪᠡ ᠶᠢ ᠴᠡᠪᠡᠷᠯᠡᠬᠦ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ︽ᠳᠥᠷᠪᠡᠨ  ᠪᠤᠬᠢᠷᠳᠤᠯ ᠤᠨ ᠠᠰᠠᠭᠤᠳᠠᠯ︾ ᠢ ᠬᠥᠳᠡᠯᠦᠩᠭᠦᠶ ᠪᠠᠷ ᠠᠷᠢᠯᠭᠠᠵᠤ᠂ ᠳᠦᠷᠢ ᠲᠥᠷᠬᠦ ᠶᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠶᠠᠪᠤᠳᠠᠯ ᠢ ᠲᠣᠪᠤᠶᠢᠮ᠎ᠠ‌‍ᠪᠠᠶᠢᠷᠢᠨ ᠳᠤ ᠲᠠᠯᠪᠢᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ‌‍ᠲ᠋ᠦ᠋ᠷᠢᠮ ᠢ ᠨᠠᠶᠢᠳᠠᠪᠤᠷᠢᠵᠢᠭᠤᠯᠤᠨ᠂ ᠬᠠᠤᠯᠢ ᠪᠤᠰᠤ ᠪᠠᠷ ᠬᠤᠳᠳᠤᠭ ᠮᠠᠯᠲᠠᠭᠰᠠᠨ ᠪᠠ‌ᠬᠠᠤᠯᠢ ᠪᠤᠰᠤ ᠪᠠᠷ ᠤᠰᠤ ᠠᠪᠤᠭᠰᠠᠨ ᠦᠢᠯᠡ ᠠᠵᠢᠯᠯᠠᠭ᠎ᠠ‌‍ᠳᠤ ᠡᠷᠡᠰ ᠴᠣᠬᠢᠯᠲᠠ ᠥᠭᠴᠦ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷᠲᠤᠯ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠣᠬᠢᠷᠲᠤᠯ ᠭᠠᠳᠠᠭᠰᠢᠯᠠᠭᠤᠯᠬᠤ᠂ ᠮᠠᠯ ᠠᠵᠤ ᠠᠬᠤᠶ ᠶᠢᠨ ᠣᠯᠠᠨ ᠡᠬᠢᠲᠦ ᠪᠣᠬᠢᠷᠲᠤᠯ ᠵᠢᠴᠢ ᠮᠠᠯᠵᠢᠬᠤ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ‌ᠡᠬᠢ ᠡᠭᠦᠰᠦᠯ  ᠠᠴᠠ ᠨᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠤᠰᠤᠨ ᠤ ᠡᠬᠢ ᠭᠠᠵᠠᠷ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ︽ᠨᠢᠭᠡ‌‍ᠬᠥ᠋ᠯᠭᠡ ᠰᠢᠲᠠᠷ᠎ᠠ︾ ᠶᠢᠨ ᠦᠵᠡᠯ ᠰᠠᠨᠠᠭ᠎ᠠ‌‍ᠶᠢ ᠪᠤᠢ ᠪᠣᠯᠭᠠᠵᠤ᠂ ᠡᠯ᠎ᠡ‌‍ᠲ᠋ᠠᠯ᠎ᠠ‌‍ᠶᠢᠨ ᠬᠦᠴᠦᠨ ᠢ ᠨᠢᠭᠡᠳᠦᠯᠲᠡᠶ ᠲᠥᠯᠥᠪᠵᠢᠭᠦᠯᠵᠦ᠂ ᠡᠯ᠎ᠡ ᠲᠠᠯ᠎ᠠ‌‍ᠶᠢᠨ ᠬᠠᠷᠢᠭᠤᠴᠠᠯᠭ᠎ᠠ‌‍ᠶᠢ ᠨᠠᠶᠢᠳᠠᠪᠤᠷᠢᠵᠢᠭᠤᠯᠵᠤ᠂ ᠵᠡᠷᠭᠡ‌‍ᠪᠠᠷ ᠠᠳᠬᠤᠵᠤ ᠬᠠᠮᠲᠤ ᠪᠠᠷ ᠬᠠᠮᠢᠶᠠᠷᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢᠨ ᠬᠠᠮᠲᠤ ᠤᠬᠠᠭᠤᠯᠤᠨ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠣᠯᠠᠨ ᠨᠡᠶᠢᠲᠡ ᠶᠢᠨ ᠬᠠᠮᠢᠶᠠᠷᠤᠨ ᠬᠠᠮᠠᠭᠠᠯᠠᠬᠤ ᠳᠤ ᠣᠷᠣᠯᠴᠠᠬᠤ ᠠᠷᠭ᠎ᠠ‌ᠵᠠᠮ ᠢ ᠰᠢᠯᠤᠭᠤᠳᠬᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠬᠦᠴᠦᠯᠡᠨ ᠳᠠᠶᠢᠴᠢᠯᠠᠵᠤ᠂ ᠬᠦᠮᠦᠨ ᠪᠦᠬᠦᠨ ᠭᠤᠤᠯ ᠨᠠᠭᠤᠷ ᠢ ᠬᠠᠯᠠᠮᠵᠢᠯᠠᠨ᠂ ᠭᠤᠤᠯ ᠨᠠᠭᠤᠷ ᠢ ᠨᠠᠨᠳᠢᠩᠨᠠᠨ᠂ ᠭᠤᠤᠯ ᠨᠠᠭᠤᠷ ᠢ ᠬᠠᠮᠠᠭᠠᠯᠠᠭᠰᠠᠨ‌ᠨᠡᠶᠢᠭᠡᠮ ᠤᠨ ᠰᠢᠨ᠎ᠡ‌‍ᠬᠡᠪ‌‍ᠰᠤᠷᠲᠠᠯ ᠢ ᠪᠤᠢ ᠪᠣᠯᠭᠠᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ   ᠶᠢ ᠪᠠᠲᠤ ᠴᠣᠭᠴᠠᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠡᠢ᠃      ᠵᠧᠦ ᠢᠦᠢ ᠯᠦᠩ ᠱᠠᠭᠠᠷᠳᠠᠬᠤ ᠳᠠᠭᠠᠨ᠂ ᠡᠯ᠎ᠡ‌ᠭᠠᠵᠠᠷ ᠣᠷᠣᠨ ᠡᠯ᠎ᠡ ᠰᠠᠯᠠᠭ᠎ᠠ ᠮᠥᠴᠢᠷ  ᠤᠨ  ᠬᠢᠨ ᠦᠵᠡᠯ ᠰᠠᠨᠠᠭ᠎ᠠ‌‍ᠲ᠋ᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠡᠯ᠎ᠡ‌‍ᠲ᠋ᠠᠯ᠎ᠠ‌‍ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ‌‍ᠶᠢ ᠪᠠᠷᠢᠮᠲᠠᠯᠠᠵᠤ᠂ ᠲᠤᠰ ᠲᠤᠰ ᠤᠨ ᠡᠭᠦᠷᠭᠡ‌ᠬᠠᠷᠢᠭᠤᠴᠠᠯᠭ᠎ᠠ‌‍ᠪᠠᠨ ᠭᠦᠢᠴᠡᠳᠬᠡᠨ᠂ ᠨᠢᠭᠲᠠ ᠬᠠᠮᠵᠢᠯᠴᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠠᠮᠢ ᠠᠬᠤᠢ ᠣᠷᠴᠢᠨ ᠲᠣᠭᠤᠷᠢᠨ‌ᠢ ᠶᠡᠭᠡ ᠪᠠᠷ ᠵᠠᠰᠠᠬᠤ᠂ ᠶᠡᠭᠡ‌‍ᠪᠠᠷ ᠬᠠᠮᠠᠭᠠᠯᠠᠬᠤ ᠠᠵᠢᠯ ᠢ ᠬᠠᠮᠲᠤ ᠪᠠᠷ ᠰᠠᠶᠢᠲᠤᠷ ᠠᠳᠬᠤᠬᠤ ᠬᠡᠷᠡᠭᠲᠡᠢ ᠭᠡᠵᠡᠢ᠃      ᠬᠤᠷᠠᠯ ᠳᠤ ᠪᠠᠰᠠ ︽ᠭᠤᠣᠯ ᠨᠠᠭᠤᠷ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠬᠠᠮᠵᠢᠯᠴᠠᠬᠤ ᠲᠣᠭᠲᠠᠴᠠ ᠳᠤ ᠭᠠᠷ ᠤᠨ ᠦᠰᠦᠭ ᠵᠢᠷᠤᠪᠠ᠃
     ᠬᠤᠰᠢᠭᠤ ᠭᠤᠤᠯ ︵ᠨᠠᠭᠤᠷ︶ ᠤᠨ ᠳᠠᠷᠤᠭ᠎ᠠ‌‍ᠶᠢᠨ ᠲᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠡᠯ᠎ᠡ‌‍ᠪᠦ᠋ᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ᠂ ᠡᠯ᠎ᠡ‌‍ᠰᠤᠮᠤ ᠪᠠᠯᠭᠠᠰᠤ ᠲᠠᠯᠠᠪᠠᠶ ᠶᠢᠨ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号