ᠵᠡᠭᠦᠨ ᠦᠵᠦᠮᠦᠴᠢᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠨᠢ ᠪᠣᠭᠤᠮᠲᠠ ᠶᠢᠨ ᠴᠠᠬᠢᠯᠭᠠᠨ ᠬᠠᠩᠭᠠᠬᠤ ᠪᠠ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2021/11/15
      ᠪᠣᠭᠤᠮᠲᠠ ᠪᠠᠷ ᠨᠡᠪᠲᠡᠷᠡᠬᠦ ᠶᠠᠪᠤᠴᠠ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠦᠪᠵᠢᠭᠦᠯᠦᠨ ᠰᠠᠶᠢᠲᠤᠷ ᠬᠢᠵᠦ᠂ ᠭᠠᠳᠠᠭᠠᠳᠤ ᠠᠴᠠ ᠣᠷᠣᠭᠤᠯᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠪᠠᠲᠤᠯᠠᠬᠤ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠳᠤ ᠨᠡᠭᠦᠷᠡᠰᠦ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠷᠠᠭᠠᠨ ᠤ ᠭᠦᠢᠯᠭᠡᠭᠡᠨ ᠢ ᠬᠥᠮᠥᠷᠭᠡᠯᠡᠨ ᠬᠠᠳᠠᠭᠠᠯᠠᠬᠤ᠂ ᠪᠠᠶᠢᠴᠠᠭᠠᠨ ᠬᠡᠮᠵᠢᠬᠦ᠂ ᠬᠢᠨᠠᠨ ᠬᠠᠮᠢᠶᠠᠷᠬᠤ ᠪᠠᠷ ᠭᠤᠤᠯ ᠪᠣᠯᠭᠠᠭᠰᠠᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠬᠥᠮᠦᠨ ᠥᠬᠡᠶ ᠪᠣᠭᠤᠮᠲᠠ ᠪᠠᠷ  ᠨᠡᠪᠲᠡᠷᠡᠬᠦ ᠶᠢ ᠪᠡᠶᠡᠯᠡᠭᠦᠯᠵᠦ᠂ ᠭᠠᠳᠠᠨ᠎ᠠ ᠠᠴᠠ ᠬᠢᠵᠢᠭ ᠬᠠᠯᠳᠠᠪᠦᠷᠢᠯᠠᠬᠤ ᠶᠢ ᠪᠦᠲᠦᠮᠵᠢᠲᠡᠶ ᠰᠡᠷᠭᠡᠶᠢᠯᠡᠪᠡ᠃      ᠪᠣᠭᠤᠮᠲᠠ ᠶᠢᠨ ᠲᠠᠯ᠎ᠠ ᠶᠢᠨ ᠴᠠᠬᠢᠯᠭᠠᠨ ᠮᠡᠳᠡᠭᠡ ᠤᠭᠰᠠᠷᠠᠬᠤ ᠭᠤᠶᠤᠴᠢᠯᠠᠯ ᠢ ᠣᠯᠤᠭᠰᠠᠨ ᠤ ᠳᠠᠷᠠᠭ᠎ᠠ᠂ ᠵᠡᠭᠦᠨ ᠦᠵᠦᠮᠦᠴᠢᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠬᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠴᠢᠩᠭ᠎ᠠ ᠵᠢᠷᠤᠮᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠠᠵᠢᠯ ᠤᠨ ᠱᠠᠭᠠᠷᠳᠠᠯᠭ᠎ᠠ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠦᠢᠯᠡᠴᠢᠯᠡᠬᠦ ᠣᠨᠣᠯᠵᠢᠬᠤᠨ ᠢ ᠪᠠᠷᠢᠮᠲᠠᠯᠠᠵᠤ᠂ ᠬᠤᠯᠪᠣᠭᠳᠠᠯ ᠪᠥᠬᠦᠶ ᠨᠢᠭᠡᠴᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ᠂ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠲᠡᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠢᠳᠡᠪᠬᠢᠲᠡᠶ ᠭᠦᠢᠴᠡᠳᠬᠡᠵᠦ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠡᠭᠡᠷ ᠱᠤᠭᠤᠮ ᠢ ᠪᠠᠲᠤ ᠰᠠᠬᠢᠬᠤ ᠶᠢᠨ ᠬᠠᠮᠲᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠴᠠᠬᠢᠯᠭᠠᠨ ᠬᠡᠷᠡᠭᠯᠡᠬᠦ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠪᠠᠲᠤᠯᠠᠪᠠ᠃      315 ᠺᠢᠯᠣᠸᠠᠲ ᠠᠮᠫᠧᠷ ᠤᠨ ᠪᠠᠭᠲᠠᠭᠠᠮᠵᠢ ᠲᠠᠢ ᠪᠠᠭᠠᠨ᠎ᠠ ᠳᠡᠭᠡᠷᠡᠬᠢ ᠬᠦᠴᠦᠳᠡᠯ ᠥᠭᠡᠷᠡᠴᠢᠯᠡᠭᠴᠢ ᠶᠢ ᠤᠭᠰᠠᠷᠠᠵᠤ᠂ ᠴᠠᠬᠢᠯᠭᠠᠨ ᠬᠦᠴᠦᠨ ᠤ ᠠᠵᠢᠯᠲᠠᠨ ᠤ ︽ᠬᠡᠮᠵᠢᠯᠲᠡ ᠶᠢᠨ ᠲᠣᠨᠣᠭᠯᠠᠯ ᠬᠡᠪ ᠤᠨ ᠶᠣᠰᠣᠭᠠᠷ ᠠᠵᠢᠯᠯᠠᠵᠤ ᠪᠠᠶᠢᠨ᠎ᠠ︾ ᠭᠡᠬᠦ ᠲᠠᠭᠤᠨ ᠢ ᠳᠠᠭᠠᠯᠳᠤᠨ ᠪᠠᠷᠢᠯᠭ᠎ᠠ ᠶᠢᠨ ᠪᠣᠶ ᠪᠥᠬᠦᠶ ᠲᠥᠷᠥᠯ ᠵᠦᠢᠯ ᠢ ᠰᠢᠯᠭᠠᠨ ᠠᠪᠬᠤ ᠳᠤ ᠬᠢᠷᠢ ᠲᠡᠩᠴᠡᠭᠰᠡᠨ ᠪᠥᠭᠡᠳ ᠴᠠᠬᠢᠯᠭᠠᠨ ᠬᠦᠷᠭᠡᠵᠦ ᠳᠠᠭᠤᠰᠤᠭᠰᠠᠨ ᠢ ᠢᠯᠡᠳᠬᠡᠨ᠎ᠡ᠃ ︽ᠬᠢᠵᠢᠭ ᠲᠠᠢ ᠲᠡᠮᠡᠴᠡᠬᠦ︾ ᠳᠠᠶᠢᠯᠠᠯᠳᠤᠭᠠᠨ ᠭᠦᠴᠢᠷ ᠪᠣᠯᠪᠠᠴᠤ ᠵᠡᠭᠦᠨ ᠦᠵᠦᠮᠦᠴᠢᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠡᠷᠡᠮᠡᠬᠡᠶᠢᠯᠡᠨ ᠣᠷᠤᠭᠰᠢᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠶᠢᠨ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠠᠮᠤᠷ ᠲᠦᠪᠰᠢᠨ ᠤ ᠬᠠᠩᠭᠠᠯᠭ᠎ᠠ ᠳᠤ ᠬᠦᠴᠦᠨ ᠨᠡᠮᠡᠷᠢᠯᠡᠵᠦ᠂ ᠡᠨᠧᠷᠭᠢ ᠶᠢᠨ ᠬᠤᠣᠰ ᠡᠵᠡᠮᠳᠡᠯ ᠢ ᠲᠣᠭᠲᠠᠭᠤᠨ ᠢᠶᠠᠷ ᠠᠬᠢᠭᠤᠯᠬᠤ ᠳᠤ ᠪᠠᠲᠤ ᠪᠠᠬᠢ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号