ᠪᠥᠬᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠤᠬᠢᠴᠠᠭᠤᠯᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/11/16
      11 ᠰᠠᠷ᠎ᠠ‌‍ᠶᠢᠨ 10 ᠤ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠰᠢᠨ᠎ᠡ‌‍ᠲ᠋ᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠤᠬᠢᠴᠠᠭᠤᠯᠬᠤ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠪᠥᠬᠦ ᠬᠦᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠣᠷᠢᠯᠲᠠ ᠶᠢᠨ ᠪᠠᠶᠢᠳᠠᠯ ᠢ ᠳ᠋ᠦᠩᠨᠡᠨ‌ᠵᠠᠳᠠᠯᠵᠤ᠂ ᠪᠥᠬᠦ ᠬᠤᠰᠢᠭᠤᠨ ᠤ ᠬᠢᠵᠢᠭ‌‍ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠳᠤ ᠣᠷᠣᠯᠴᠠᠨ ᠶᠠᠷᠢᠶ᠎ᠠ‌‍ᠲ᠋ᠠᠯᠪᠢᠵᠤ᠂   ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠬᠤᠰᠢᠭᠤ ᠳᠠᠷᠤᠭ᠎ᠠ ᠵᠧᠤ ᠢᠦᠶ ᠯᠦᠩ ᠬᠤᠷᠠᠯ ᠢ ᠡᠷᠬᠢᠯᠡᠵᠡᠢ      ᠨᠡᠶᠢᠭᠡᠮ ᠲᠣᠭᠤᠷᠢᠭ ᠢ ᠳᠠᠭᠠᠭᠠᠴᠢᠯᠠᠨ ᠬᠠᠷᠢᠴᠠᠵᠤ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ ᠤᠳ ᠵᠢᠴᠢ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠨᠠᠷ ᠬᠤᠷᠠᠯ ᠳᠤ ᠣᠷᠣᠯᠴᠠᠪᠠ᠃      ᠬᠤᠷᠠᠯ ᠠᠴᠠ ᠨᠡᠶᠢᠭᠡᠮ ᠲᠣᠭᠤᠷᠢᠭ ᠢ ᠳᠠᠭᠠᠭᠠᠴᠢᠯᠠᠨ ᠬᠠᠷᠢᠴᠠᠵᠤ ᠪᠠᠶᠢᠭ᠎ᠠ‌ᠡᠯ᠎ᠡ‌ᠠᠵᠢᠯᠯᠠᠬᠤ ᠳᠤᠭᠤᠶᠢᠯᠠᠩ‌‍ᠤᠨ ᠳᠠᠷᠤᠭ᠎ᠠ‌‍ᠶᠢᠨ ᠬᠢᠭᠰᠡᠨ ᠳᠠᠭᠠᠭᠠᠴᠢᠯᠠᠨ ᠬᠠᠷᠢᠯᠠᠬᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠤᠯᠤᠨ  ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ‌‍ᠲ᠋ᠤᠰᠬᠠᠶ ᠳᠤᠭᠤᠶᠢᠯᠠᠩ‌‍ᠤᠨ ᠠᠵᠢᠯ ᠤᠨ ᠥᠷᠨᠢᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠢᠩᠭᠠᠨ  ᠴᠢᠬᠤᠯᠴᠢᠯᠠᠭᠰᠠᠨ ᠨᠢ᠂ ᠡᠯ᠎ᠡ‌‍ᠱᠠᠲᠤ ᠡᠯ᠎ᠡ‌‍ᠰᠠᠯᠠᠭ᠎ᠠ‌ᠮᠥ᠋ᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢ ᠣᠳᠣᠬᠠᠨ ᠤ ᠲᠡᠷᠢᠭᠦᠨ ᠴᠢᠬᠤᠯᠠ  ᠡᠭᠦᠷᠭᠡ‌‍ᠪᠣᠯᠭᠠᠵᠤ᠂ ᠦᠵᠡᠯ ᠰᠠᠨᠠᠭ᠎ᠠ ᠪᠠᠨ ᠤᠯᠠᠮ ᠨᠢᠭᠡ‌ᠠᠯᠬᠤᠮ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠥᠬᠦ ᠬᠦᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠡᠯ᠎ᠡ‌ᠵᠦ᠋ᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠦᠮᠦᠰ ᠤᠨ ᠮᠡᠳᠡᠭᠡ‌ᠵᠠᠩᠭᠢ ᠶᠢ ᠳᠠᠩᠰᠠᠯᠠᠬᠤ ᠠᠵᠢᠯ ᠢ ᠤᠯᠠᠮ ᠨᠢᠭᠡ‌ᠠᠯᠬᠤᠮ ᠰᠠᠶᠢᠲᠤᠷ ᠬᠢᠵᠦ᠂ ᠡᠯ᠎ᠡ‌‍ᠰᠤᠮᠤ ᠪᠠᠯᠭᠠᠰᠤ ︵ᠲᠠᠯᠠᠪᠠᠶ︶᠂ ᠡᠯ᠎ᠡ‌ᠨᠡᠶᠢᠭᠡᠮ ᠲᠣᠭᠤᠷᠢᠭ ᠦᠨᠳᠦᠰᠦᠨ ᠲᠤᠭ᠎ᠠ‌‍ᠪᠠᠷᠢᠮᠲᠠ ᠪᠠᠨ ᠬᠠᠷᠢᠯᠴᠠᠨ ᠭᠡᠷᠡᠴᠢᠯᠡᠵᠦ᠂ ᠬᠠᠷᠢᠶ᠎ᠠ ᠣᠷᠣᠨ ᠤ ᠳᠣᠲᠣᠷᠠᠬᠢ ᠡᠯ᠎ᠡ‌‍ᠲ᠋ᠥ᠋ᠷᠥᠯ ᠤᠨ ᠬᠥᠮᠦᠰ ᠤᠨ ᠰᠠᠭᠤᠷᠢ ᠲᠤᠭ᠎ᠠ‌‍ᠲ᠋ᠣᠳᠣᠷᠬᠠᠶ᠂ ᠪᠠᠶᠢᠳᠠᠯ ᠲᠣᠳᠣᠷᠬᠠᠶ᠂ ᠲᠤᠭ᠎ᠠ‌‍ᠪᠠᠷᠢᠮᠲᠠ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠶ᠃ ᠪᠥᠬᠦ ᠬᠦᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠤᠯᠠᠮ ᠨᠢᠭᠡ‌ᠠᠯᠬᠤᠮ ᠨᠠᠷᠢᠯᠢᠬᠵᠢᠭᠤᠯᠤᠨ ᠰᠢᠯᠢᠳᠡᠭᠵᠢᠭᠦᠯᠵᠦ᠂ ︽ᠨᠢᠭᠡ‌ᠨᠡᠶᠢᠭᠡᠮ ᠲᠣᠭᠤᠷᠢᠭ ᠲᠤ ᠨᠢᠭᠡ‌‍ᠪᠡᠯᠡᠳᠬᠡᠯ ᠲᠥᠰᠦᠯ︾ ᠤᠨ ᠠᠷᠭ᠎ᠠ‌ᠮᠠᠶ᠋ᠢᠭ ᠶᠣᠰᠣᠭᠠᠷ  ᠲᠤᠰᠬᠠᠶ ᠬᠥᠮᠦᠨ ᠲᠤᠰᠬᠠᠶ ᠬᠠᠷᠢᠭᠤᠴᠠᠬᠤ᠂ ᠠᠵᠢᠯ ᠤᠨ ᠪᠠᠶᠢᠷᠢ  ᠪᠠ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠤᠨ ᠠᠵᠢᠯ ᠤᠨ ᠳᠤᠭᠤᠶᠢᠯᠠᠩ ᠤᠨ ᠳᠠᠷᠤᠭ᠎ᠠ‌ᠨᠠᠷ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠡᠯ᠎ᠡ‌ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠲᠣᠭᠤᠷᠢᠭ ᠤᠨ ᠪᠠᠶᠢᠳᠠᠯ ᠢ ᠪᠣᠳᠠᠲᠠᠶ ᠭᠠᠵᠠᠷ ᠲᠤᠨᠢ ᠪᠠᠶᠢᠴᠠᠭᠠᠨ ᠦᠵᠡᠵᠦ᠂  ᠡᠯ᠎ᠡ‌‍ᠲ᠋ᠠᠯ᠎ᠠ‌‍ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠦᠨᠡᠨᠬᠦ ᠶᠠᠪᠤᠭᠳᠠᠭᠤᠰᠢᠲᠠᠶ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠢᠯᠠᠩᠭᠤᠶ᠎ᠠ‌‍ᠬᠥ᠋ᠳᠡᠯᠵᠦ ᠪᠠᠷᠢᠬᠤ ᠳᠤ ᠳᠥᠭᠦᠮ ᠦᠭᠡᠢ᠂ ᠨᠠᠰᠤᠲᠠᠢ ᠪᠠᠭᠤᠷᠠᠶ᠂ ᠡᠪᠡᠳᠴᠢᠨ ᠬᠠᠭᠤᠴᠢᠨ ᠲᠠᠢ᠂ ᠵᠡᠮᠳᠡᠭ‌ᠵᠡᠷᠭᠡ ᠬᠥᠮᠦᠰ ᠲᠤ  ᠦᠢᠯᠡᠴᠢᠯᠡᠵᠦ  ᠪᠠᠲᠤᠯᠠᠭ᠎ᠠ‌ᠬᠠᠩᠭᠠᠬᠤ ᠠᠵᠢᠯ ᠢ ᠴᠢᠬᠤᠯᠠᠴᠢᠯᠠᠨ᠂ ᠪᠥᠬᠦ ᠬᠦᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠡᠬᠢᠯᠡᠭᠦᠯᠬᠦ ᠦᠶ᠎ᠡ ᠳᠤ ᠡᠯ᠎ᠡ‌ᠠᠵᠢᠯ ᠢ ᠪᠦᠲᠦᠮᠵᠢᠲᠡᠶ ᠶᠠᠪᠤᠭᠳᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠳᠥᠷᠪᠡᠨ ᠲᠠᠯ᠎ᠠ‌‍ᠶᠢᠨ ᠬᠠᠷᠢᠭᠤᠴᠠᠯᠭ᠎ᠠ︾ ᠶᠢ ᠦᠨᠡᠨ ᠬᠦ  ᠴᠢᠩᠭᠠᠳᠬᠠᠨ ᠪᠣᠳᠠᠲᠠᠶᠢᠵᠢᠭᠤᠯᠵᠤ᠂ ︽ᠳᠥᠷᠪᠡ‌ᠡᠷᠲᠡ ᠪᠠᠶᠢᠬᠤ  ︾ ᠠᠷᠭ᠎ᠠ‌‍ᠬᠡᠮᠵᠢᠶ᠎ᠡ‌‍ᠶᠢ ᠨᠠᠷᠢᠯᠢᠭ ᠨᠠᠶᠢᠳᠠᠪᠤᠷᠢᠵᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ ᠴᠢᠩᠭ᠎ᠠ‌‍ᠬᠡᠷᠡᠭᠵᠢᠭᠦᠯᠵᠦ᠂  ᠱᠠᠲᠤ ᠱᠠᠲᠤ ᠪᠠᠷ ᠨᠠᠶᠢᠳᠠᠪᠤᠷᠢᠵᠢᠭᠤᠯᠬᠤ  ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡ‌‍ᠶᠢᠨ ᠠᠵᠢᠯ ᠲᠥᠷᠥᠯ ᠳᠠᠬᠢ ᠪᠠᠶᠢᠴᠠᠭᠠᠯᠲᠠ ᠵᠢᠯᠣᠭᠤᠳᠣᠯᠭ᠎ᠠ ᠪᠠᠨ ᠴᠢᠩᠭᠠᠳᠬᠠᠵᠤ᠂ ᠲᠦᠷᠭᠡᠨ ᠬᠦᠷᠭᠡᠯᠲᠡ ᠶᠢᠨ ᠠᠵᠢᠯᠲᠠᠳ ᠢ ᠵᠢᠷᠤᠮᠵᠢᠭᠤᠯᠤᠨ ᠠᠮᠠᠪᠴᠢ ᠵᠡᠭᠦᠬᠦ᠂ ᠬᠠᠮᠠᠭᠠᠯᠠᠯᠲᠠ ᠶᠢᠨ ᠬᠤᠪᠴᠠᠰᠤ ᠡᠮᠦᠰᠬᠦ᠂ ᠲᠦᠷᠭᠡᠨ ᠬᠦᠷᠭᠡᠯᠲᠡ ᠶᠢᠨ ᠠᠷᠢᠭᠤᠳᠬᠠᠯ ᠬᠢᠬᠦ ᠵᠡᠷᠭᠡ ᠪᠤᠯᠪᠠᠰᠤᠷᠠᠯ ᠢ ᠰᠠᠶᠢᠲᠤᠷ ᠬᠢᠵᠦ᠂ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠰᠠᠶᠢᠲᠤᠷ ᠬᠢᠬᠦ ᠬᠡᠷᠡᠭᠲᠡᠶ ᠭᠡᠪᠡ᠃      ᠵᠧᠤ ᠢᠦᠶ ᠯᠦᠩ ᠴᠢᠬᠤᠯᠠᠴᠢᠯᠠᠭᠰᠠᠨ ᠨᠢ᠂ ᠬᠦᠮᠦᠰ ᠤᠨ ᠮᠡᠳᠡᠭᠡ ᠵᠠᠩᠭᠢ ᠶᠢ ᠳᠠᠩᠰᠠᠯᠠᠬᠤ ᠠᠵᠢᠯ ᠢ‌ᠤᠯᠠᠮ ᠨᠢᠭᠡ ᠠᠯᠬᠤᠮ ᠰᠠᠶᠢᠲᠤᠷ ᠬᠢᠵᠦ᠂ ᠮᠡᠳᠡᠭᠡ‌ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠪᠥᠬᠦ ᠬᠦᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠳᠤ  ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠤᠷᠤᠯᠴᠠᠬᠤ ᠬᠦᠮᠦᠰ ᠤᠨ ᠮᠡᠳᠡᠭᠡ ᠵᠠᠩᠭᠢ ᠶᠢ ᠲᠠᠩᠰᠠᠯᠠᠬᠤ᠂  ᠦᠯᠢᠭᠡᠷ ᠡᠳ᠋ ᠠᠪᠬᠤ᠂ ᠬᠥᠲᠥᠯᠥᠨ ᠵᠢᠯᠣᠭᠤᠳᠬᠤ ᠪᠠ‌‍ᠪᠠᠶᠢᠴᠠᠭᠠᠨ ᠰᠢᠯᠭᠠᠬᠤ ᠠᠵᠢᠯᠲᠠᠨ ᠤ ᠪᠤᠯᠪᠠᠰᠤᠷᠠᠯ ᠤᠨ ᠡᠷᠴᠢᠮ ᠢ ᠴᠢᠩᠭᠠᠳᠬᠠᠵᠤ᠂ ᠪᠥᠭᠡᠮ ᠬᠦᠴᠢᠯ  ᠤᠨ ᠰᠢᠯᠭᠠᠨ ᠪᠠᠶᠢᠴᠠᠭᠠᠯᠲᠠ  ᠶᠢᠨ ᠶᠠᠪᠤᠴᠠ ᠪᠠ ᠵᠢᠷᠤᠮᠵᠢᠯ ᠢ ᠲᠣᠳᠣᠷᠬᠠᠶᠢᠯᠠᠨ᠂ ᠵᠢᠯᠣᠭᠤᠳᠬᠤ ᠭᠠᠵᠠᠷ ᠤᠨ ᠡᠯ᠎ᠡ ᠲᠤᠰᠬᠠᠶ  ᠳᠤᠭᠤᠶᠢᠯᠠᠩ ᠨᠢ ᠡᠯ᠎ᠡ ᠨᠡᠶᠢᠭᠡᠮ ᠲᠣᠭᠤᠷᠢᠭ ᠤᠨ ᠪᠥᠬᠦ ᠠᠵᠢᠯᠲᠠᠨ ᠤ ᠪᠥᠭᠡᠮ ᠬᠦᠴᠢᠯ  ᠤᠨ ᠰᠢᠯᠭᠠᠨ ᠪᠠᠶᠢᠴᠠᠭᠠᠯᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠵᠢᠯᠣᠭᠤᠳᠣᠯᠭ᠎ᠠ‌‍ᠪᠠ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠪᠥᠬᠦ ᠬᠦᠮᠦᠰ ᠤᠨ ᠪᠥᠭᠡᠮ ᠬᠦᠴᠢᠯ  ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠡᠬᠢᠯᠡᠭᠦᠯᠬᠦ ᠦᠶ᠎ᠡ‌‍ᠳᠤ ᠪᠡᠯᠡᠳᠬᠡᠯ ᠲᠥᠰᠦᠯ ᠶᠣᠰᠣᠭᠠᠷ ᠲᠦᠷᠭᠡᠨ ᠪᠥᠭᠡᠳ ᠡᠮᠬᠢ ᠵᠢᠷᠤᠮ ᠲᠠᠢ ᠶᠠᠪᠤᠭᠳᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠶ ᠠᠩᠭᠢ ᠬᠡᠮ ᠰᠣᠭᠤᠭ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠬᠦᠢᠴᠡᠳᠬᠡᠵᠦ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ‌ᠨᠠᠶᠢᠳᠠᠪᠤᠷᠢᠵᠢᠭᠤᠯᠵᠤ᠂ ᠭᠠᠳᠠᠨ᠎ᠠ‌ᠡᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠬᠠᠯᠬᠠᠪᠴᠢ ᠶᠢ ᠤᠯᠠᠮ ᠴᠢᠨᠠᠭᠰᠢᠳᠠ ᠪᠠᠬᠢᠵᠢᠭᠦᠯᠵᠦ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠶ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号