2021 ᠣᠨ ᠤ ᠪᠥᠬᠦ ᠬᠤᠰᠢᠭᠤᠨ ᠤ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠲᠦᠷᠦᠯ ᠤᠨ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/11/16
      11 ᠰᠠᠷ᠎ᠠ ᠶᠢᠨ12 ᠤᠨ ᠡᠳᠦᠷ᠂ ᠮᠠᠨ ᠤ ᠬᠤᠰᠢᠭᠤ 2021 ᠣᠨ ᠤ ᠪᠥᠬᠦ ᠬᠤᠰᠢᠭᠤᠨ ᠤ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠲᠦᠷᠦᠯ ᠤᠨ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠰᠢᠭᠤ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠲᠦᠷᠦᠯ ᠤᠨ ᠳᠤᠭᠤᠶᠢᠯᠠᠩ ᠤᠨ ᠳᠠᠷᠤᠭ᠎ᠠ ᠰᠠᠷᠠᠭᠤᠯᠲᠤᠶᠠᠭ᠎ᠠ ᠬᠤᠷᠠᠯ ᠳᠤ ᠣᠷᠣᠯᠴᠠᠵᠤ ᠶᠠᠷᠢᠶ᠎ᠠ‌‍ᠲ᠋ᠠᠯᠪᠢᠪᠠ᠃ ᠡᠯ᠎ᠡ‌‍ᠰᠤᠮᠤ ᠪᠠᠯᠭᠠᠰᠤ᠂ ᠵᠠᠰᠠᠭ ᠤᠨ ᠣᠷᠳᠣᠨ ᠤ ᠠᠯᠪᠠᠨ ᠬᠡᠷ᠂  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠤᠰᠢᠭᠤ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠲᠦᠷᠦᠯ ᠤᠨ ᠳᠤᠭᠤᠶᠢᠯᠠᠩ ᠤᠨ  ᠪᠦᠷᠢᠯᠳᠦᠭᠦᠨ ᠨᠢᠭᠡᠴᠡ ᠶᠢᠨ ᠬᠠᠮᠢᠶ᠎ᠠ‌‍ᠪᠥ᠋ᠬᠦᠶ ᠬᠠᠷᠢᠭᠤᠴᠠᠯᠭᠠᠲᠠᠨ ᠬᠤᠷᠠᠯ ᠳᠤ  ᠤᠷᠤᠯᠴᠠᠵᠠᠢ᠃      ᠬᠤᠷᠠᠯ ᠠᠴᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ‌‍ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠨᠢᠭᠡᠳᠦᠭᠡᠷ ᠤᠳᠠᠭ᠎ᠠ‌‍ᠶᠢᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ‌‍ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠵᠢᠷᠭᠤᠳᠤᠭᠠᠷ ᠤᠳᠠᠭ᠎ᠠ‌‍ᠶᠢᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ  ᠶᠢ ᠪᠦᠬᠦ ᠲᠠᠯ᠎ᠠ‌‍ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠨᠢᠭᠡᠳᠦᠭᠡᠷ ᠤᠳᠠᠭ᠎ᠠ‌‍ᠶᠢᠨ ᠬᠤᠷᠠᠯ ᠤᠨ ᠵᠣᠷᠢᠭ ᠰᠠᠨᠠᠭ᠎ᠠ‌‍ᠶᠢ‌ᠤᠯᠠᠮᠵᠢᠯᠠᠨ᠂ ︽ᠵᠡᠭᠦᠨ ᠦᠵᠦᠮᠦᠴᠢᠨ ᠬᠤᠰᠢᠭᠤᠨ ᠤ ᠲᠡᠦᠬᠡ‌‍ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠤᠤᠷᠠᠭ︶︾ ︽ᠪᠦᠬᠦ ᠬᠤᠰᠢᠭᠤᠨ ᠤ ᠤᠯᠠᠨ ᠲᠦᠮᠡᠨ ᠤ ᠰᠣᠶᠣᠯ ᠤᠨ ᠠᠵᠢᠯᠯᠠᠭ᠎ᠠ‌‍ᠶᠢ ᠪᠠᠶᠢᠩᠭᠤ ᠥᠷᠨᠢᠭᠦᠯᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠤᠤᠷᠠᠭ︶︾ ᠢ ᠬᠢᠨᠠᠨ ᠵᠥᠪᠯᠡᠵᠦ ᠶᠠᠷᠢᠯᠴᠠᠪᠠ᠃      ᠰᠠᠷᠠᠭᠤᠯᠲᠤᠶᠠᠭ᠎ᠠ‌‍ᠴᠢᠬᠤᠯᠠᠴᠢᠯᠠᠬᠤ ᠳᠠᠭᠠᠨ᠂ ᠰᠢᠨ᠎ᠡ‌‍ᠬᠥ᠋ᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠣᠶᠣᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠵᠢ‌ᠠᠬᠢᠭᠤᠯᠬᠤ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠲᠦᠷᠦᠭᠦᠯᠡᠨ ᠬᠢᠬᠦ ᠰᠠᠯᠠᠭ᠎ᠠ‌ᠮᠥ᠋ᠴᠢᠷ ᠤᠳ ᠥᠭᠡᠷᠡᠴᠢᠯᠡᠯᠲᠡ ᠶᠢᠨ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠡᠭᠦᠷᠭᠡ‌ᠬᠠᠷᠢᠭᠤᠴᠠᠯᠭ᠎ᠠ ᠪᠠᠨ ᠰᠠᠨᠠᠭᠠᠴᠢᠯᠠᠭ᠎ᠠ‌ᠡᠴᠠ ᠪᠠᠨ ᠭᠦᠢᠴᠡᠳᠬᠡᠨ ᠡᠭᠦᠷᠭᠡᠯᠡᠵᠦ᠂ ᠡᠯ᠎ᠡ ᠵᠦᠢᠯ  ᠤᠨ ᠥᠭᠡᠷᠡᠴᠢᠯᠡᠯᠲᠡ ᠶᠢᠨ ᠡᠭᠦᠷᠭᠡ‌‍ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠡᠯ᠎ᠡ‌ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ‌‍ᠪᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ‌ᠠᠷᠭ᠎ᠠ ᠬᠡᠮᠵᠢᠶ᠎ᠡ‌‍ᠪᠠᠨ ᠲᠡᠭᠦᠯᠳᠡᠷᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ‌‍ᠶᠢ ᠴᠢᠩᠭ᠎ᠠ‌ᠠᠳᠬᠤᠵᠤ᠂ ᠰᠣᠶᠣᠯ ᠤᠨ ᠥᠭᠡᠷᠡᠴᠢᠯᠡᠯᠲᠡ ᠬᠥᠭᠵᠢᠯᠲᠡ ᠶᠢᠨ ᠡᠯ᠎ᠡ‌ᠵᠦ᠋ᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠵᠢ‌ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ‌ᠦᠷ᠎ᠡ‌‍ᠳᠦ᠋ᠩ‌‍ᠢᠶ᠋ᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠱᠠᠳᠤ ᠱᠠᠳᠤ ᠪᠠᠷ ᠳᠠᠷᠤᠯᠲᠠ ᠥᠭᠴᠦ᠂ ᠬᠠᠷᠠᠯᠲᠠ ᠪᠠ ᠴᠠᠭ ᠤᠨ ᠬᠢᠵᠠᠭᠠᠷ ᠱᠠᠭᠠᠷᠳᠠᠯᠭ᠎ᠠ ᠶᠣᠰᠣᠭᠠᠷ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号