ᠮᠠᠨ ᠤ ᠬᠤᠰᠢᠭᠤ ᠰᠣᠩᠭᠤᠭᠤᠯᠢ ᠶᠢᠨ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/11/16
         11 ᠰᠠᠷ᠎ᠠ ᠶᠢᠨ 12 ᠤᠨ ᠡᠳᠦᠷ᠂ ᠮᠠᠨ ᠤ ᠬᠤᠰᠢᠭᠤ ᠰᠣᠩᠭᠤᠭᠤᠯᠢ ᠶᠢᠨ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠤᠶᠤᠨᠭᠡᠷᠡᠯ ᠬᠤᠷᠠᠯ ᠡᠷᠭᠢᠯᠡᠵᠦ᠂ ᠰᠣᠩᠭᠤᠭᠤᠯᠢ ᠶᠢᠨ ᠵᠥᠪᠯᠡᠯ ᠤᠨ ᠪᠥᠬᠦ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠠᠴᠠ ︿︿ᠵᠡᠭᠦᠨ ᠦᠵᠦᠮᠦᠴᠢᠨ ᠬᠤᠰᠢᠭᠤᠨ ᠤ ᠰᠣᠩᠭᠤᠭᠤᠯᠢ ᠶᠢᠨ ᠵᠥᠪᠯᠡᠯ ᠤᠨ ᠤᠬᠠᠭᠤᠯᠬᠤ ᠳᠤᠭᠤᠶᠢᠯᠠᠩ ᠤᠨ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠵᠢᠩᠬᠢᠨᠢ ᠵᠢᠱᠢᠭᠳᠡᠭᠴᠢ ᠶᠢ ᠰᠣᠩᠭᠤᠭᠤᠯᠢ ᠶᠢᠨ ᠢᠷᠭᠡᠳ ᠲᠠᠢ ᠠᠭᠤᠯᠵᠠᠭᠤᠯᠬᠤ ᠠᠵᠢᠯ ᠤᠨ ᠲᠥᠰᠦᠯ﹀﹀ ᠢ ᠰᠣᠨᠣᠰᠴᠤ ᠬᠢᠨᠠᠨ ᠵᠥᠪᠯᠡᠪᠡ᠃      ᠬᠤᠷᠠᠯ ᠡᠴᠠ‌ᠵᠢᠭᠠᠬᠤ ᠳᠠᠭᠠᠨ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠵᠢᠩᠬᠢᠨᠢ ᠵᠢᠱᠢᠭᠳᠡᠭᠴᠢ ᠶᠢ ᠰᠣᠩᠭᠤᠭᠤᠯᠢ ᠶᠢᠨ ᠢᠷᠭᠡᠳ ᠲᠠᠢ ᠠᠭᠤᠯᠵᠠᠭᠤᠯᠬᠤ ᠪᠣᠯ ᠰᠣᠩᠭᠤᠭᠤᠯᠢ ᠠᠴᠠ ᠡᠮᠦᠨᠡᠬᠢ ᠮᠠᠰᠢ ᠴᠢᠬᠤᠯᠠ ᠠᠵᠢᠯ ᠪᠣᠯᠤᠨ᠎ᠠ᠃ ᠡᠨᠡ ᠬᠦ ᠠᠵᠢᠯ ᠢ ᠰᠠᠶᠢᠲᠤᠷ ᠬᠢᠬᠦ ᠨᠢ ᠵᠢᠱᠢᠭᠳᠡᠭᠴᠢ ᠶᠢᠨ ᠰᠣᠩᠭᠤᠭᠤᠯᠢ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠢ ᠭᠦᠶᠴᠡᠳ‌‍ᠪᠠᠳᠠᠷᠠᠭᠤᠯᠬᠤ ᠳᠤ ᠠᠰᠢᠭᠲᠠᠶ ᠮᠥᠷᠲᠡᠭᠡᠨ ᠵᠢᠱᠢᠭᠳᠡᠭᠴᠢ ᠶᠢᠨ ᠥᠪᠡᠷ ᠤᠨ ᠬᠡᠪ ᠴᠢᠨᠠᠷ ᠪᠣᠯᠤᠨ ᠠᠪᠢᠶᠠᠰ ᠴᠢᠳᠠᠪᠤᠷᠢ ᠵᠢ‌ᠢᠯᠡᠷᠡᠭᠦᠯᠬᠦ ᠳᠤ ᠠᠰᠢᠭᠲᠠᠶ ᠶᠤᠮ᠃ ᠠᠷᠠᠳ ᠤᠨ ᠲᠥᠯᠥᠭᠡᠯᠡᠭᠴᠢᠳ ᠤᠨ ᠵᠢᠩᠬᠢᠨᠢ ᠵᠢᠱᠢᠭᠳᠡᠭᠴᠢ ᠶᠢ ᠵᠣᠬᠢᠶᠠᠨ ᠪᠠᠶᠢᠭᠤᠯᠵᠤ ᠰᠣᠩᠭᠤᠭᠤᠯᠢ ᠵᠢᠨ‌ᠢᠷᠭᠡᠳ ᠲᠠᠶ‌ᠠᠭᠤᠯᠵᠠᠭᠤᠯᠬᠤ ᠳᠠᠭᠠᠨ ᠬᠠᠤᠯᠢ ᠳᠤ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠨ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠥᠷᠭᠡᠨ ᠤᠯᠠᠨ ᠰᠣᠩᠭᠤᠭᠤᠯᠢ ᠶᠢᠨ ᠢᠷᠭᠡᠳ ᠢ ᠲᠠᠶᠢᠴᠢᠯᠠᠨ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠵᠢᠱᠢᠭᠳᠡᠭᠰᠡᠳ ᠢ ᠰᠣᠩᠭᠤᠭᠤᠯᠢ ᠶᠢᠨ ᠠᠷᠠᠳ ᠲᠠᠢ ᠠᠭᠤᠯᠵᠠᠭᠤᠯᠬᠤ ᠠᠵᠢᠯᠯᠠᠭ᠎ᠠ ᠶᠢ ᠡᠷᠦᠬᠡ ᠪᠠᠷ  ᠤᠷᠤᠬᠤ᠂  ᠰᠠᠭᠤᠳᠠᠯ ᠤᠨ ᠬᠤᠷᠠᠯ ᠬᠤᠷᠠᠯᠳᠤᠭᠤᠯᠬᠤ᠂ ᠰᠦᠯᠵᠢᠶ᠎ᠡ ᠪᠠᠷ ᠠᠭᠤᠯᠵᠠᠬᠤ ᠵᠡᠷᠭᠡ ᠠᠷᠭ᠎ᠠ ᠮᠠᠶ᠋ᠢᠭ ᠢᠶᠠᠷ  ᠶᠠᠪᠤᠭᠳᠠᠭᠤᠯᠬᠤ ᠬᠡᠷᠡᠭᠲᠡᠢ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号