ᠮᠠᠨ ᠤ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠠᠵᠢᠯ ᠤᠨ ᠲᠤᠰᠬᠠᠶ ᠰᠡᠳᠦᠪᠲᠦ ᠲᠡᠷᠢᠭᠦᠯᠡᠭᠴᠢᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/17
      11 ᠰᠠᠷ᠎ᠠ ᠶᠢᠨ 11 ᠤ ᠡᠳᠦᠷ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠥ᠋ᠩᠬᠡ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠠᠵᠢᠯ ᠤᠨ ᠲᠤᠰᠬᠠᠶ ᠰᠡᠳᠦᠪᠲᠦ ᠲᠡᠷᠢᠭᠦᠯᠡᠭᠴᠢᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠤ ᠸᠧ ᠮᠢᠨ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠳᠡᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠪᠦᠦ ᠴᠦᠨ᠂ ᠰᠠᠶᠢᠨᠴᠣᠭᠲᠤ᠂ ᠰᠢᠶᠤᠤ ᠮᠢᠩ ᠬᠤᠷᠠᠯ ᠳᠤ ᠣᠷᠣᠯᠴᠠᠪᠠ᠃      ᠬᠤᠷᠠᠯ ᠠᠴᠠ ︽ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾᠂ ︽ᠤᠯᠤᠰ ᠲᠥᠷᠦ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠭᠤᠴᠠᠭ᠎ᠠ ᠰᠣᠯᠢᠬᠤ ᠠᠵᠢᠯ ᠤᠨ ᠵᠥᠪᠯᠡᠯ ᠢ ᠪᠠᠶᠢᠭᠤᠯᠬᠤ ᠲᠤᠬᠠᠢ ᠰᠠᠨᠠᠯ︾ ᠪᠠ ︽ᠤᠯᠤᠰ ᠲᠥᠷᠦ ᠶᠢᠨ ᠵᠥᠪᠯᠡᠯᠭᠡᠨ  ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠭᠤᠴᠠᠭ᠎ᠠ ᠰᠣᠯᠢᠬᠤ ᠠᠵᠢᠯ ᠤᠨ ᠵᠥᠪᠯᠡᠯ ᠤᠨ ᠭᠡᠰᠢᠭᠦᠳ ᠤᠨ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ ᠶᠢᠨ ᠠᠵᠢᠯ ᠤᠨ ᠲᠥᠰᠦᠯ︾ ᠢ ᠰᠤᠳᠤᠯᠤᠨ ᠶᠠᠷᠢᠯᠴᠠᠪᠠ᠃      ᠪᠠᠲᠤᠮᠥ᠋ᠩᠬᠡ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠰᠣᠩᠭᠤᠭᠤᠯᠢ ᠨᠢ ᠪᠥᠬᠦ ᠬᠤᠰᠢᠭᠤᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ  ᠃ ᠡᠯ᠎ᠡ ᠬᠤᠭᠤᠴᠠᠭ᠎ᠠ ᠰᠣᠯᠢᠬᠤ ᠰᠣᠩᠭᠤᠭᠤᠯᠢ ᠶᠢᠨ ᠳᠤᠭᠤᠶᠢᠯᠠᠩ  ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭ ᠬᠤᠭᠤᠴᠠᠭ᠎ᠠ‌‍ᠶᠢ ᠴᠢᠩᠭ᠎ᠠ ᠡᠵᠡᠮᠳᠡᠨ᠂ ᠠᠵᠢᠯ ‍ᠤᠨ‌ᠡᠭᠦᠷᠭᠡ‌ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ‌‍ᠰᠣᠯᠢᠬᠤ ᠡᠯ᠎ᠡ‌ᠵᠦ᠋ᠢᠯ ᠤᠨ ᠠᠵᠢᠯ ᠢ ᠢᠳᠡᠪᠬᠢᠲᠡᠶ ᠰᠠᠶᠢᠲᠤᠷ ᠬᠢᠬᠦ ᠬᠡᠷᠡᠭᠲᠡᠶ᠃ ᠬᠤᠭᠤᠴᠠᠭ᠎ᠠ‌‍ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ᠂ ᠰᠠᠬᠢᠯᠭ᠎ᠠ ᠪᠠᠲᠤ ᠪᠠ‌‍ᠶᠣᠰᠣ ᠲᠦᠷᠢᠮ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠬᠤᠭᠤᠴᠠᠭ᠎ᠠ ᠰᠣᠯᠢᠬᠤ ᠠᠵᠢᠯ ᠤᠨ ᠡᠯ᠎ᠡ‌ᠵᠦ᠋ᠢᠯ ᠤᠨ ᠱᠠᠭᠠᠷᠳᠠᠯᠭ᠎ᠠ ᠶᠢ ᠴᠢᠩᠭ᠎ᠠ‌ᠨᠠᠶᠢᠳᠠᠪᠤᠷᠢᠵᠢᠭᠤᠯᠵᠤ᠂  ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ‌‍ᠰᠣᠯᠢᠬᠤ ᠠᠵᠢᠯ ᠤᠨ ᠰᠤᠷᠲᠠᠯ ᠴᠢᠬᠡᠴᠢ ᠣᠪᠣᠷ ᠲᠥᠪ‌‍ᠪᠠᠶᠢᠬᠤ ᠶᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠴᠠᠭ ᠢᠮᠠᠭᠲᠠ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ‌‍ᠶᠢ ᠴᠢᠩᠭ᠎ᠠ ᠨᠠᠶᠢᠳᠠᠪᠤᠷᠢᠵᠢᠭᠤᠯᠤᠨ᠂ ᠤᠯᠤᠰ ᠲᠦᠷᠦ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠠᠵᠢᠯ ᠤᠨ ᠲᠡᠭᠦᠰ ᠠᠮᠵᠢᠯᠲᠠ ᠲᠠᠢ  ᠶᠠᠪᠤᠭᠳᠠᠬᠤ ᠶᠢ ᠪᠠᠲᠤᠯᠠᠬᠤ ᠬᠡᠷᠡᠭᠲᠡᠢ  ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号