ᠨᠡᠭᠦᠷᠡᠰᠦᠨ ᠤ ᠭᠠᠷᠤᠯᠲᠠ ᠶᠢᠨ ᠣᠷᠣᠨ ᠤ ᠨᠡᠭᠦᠷᠡᠰᠦ ᠬᠠᠳᠠᠭᠠᠯᠠᠬᠤ ᠲᠠᠯᠠᠪᠤᠷ ᠢ ᠴᠡᠪᠡᠷᠯᠡᠨ ᠴᠡᠭᠴᠡᠯᠡᠬᠦ | ᠠᠵᠢᠯ ᠢ ᠥᠷᠨᠢᠭᠦᠯᠬᠦ ᠲᠤᠬᠠᠶ ᠤᠯᠤᠰ ᠤᠨ ᠬᠥᠭᠵᠢᠯᠲᠡ ᠥᠭᠡᠷᠡᠴᠢᠯᠡᠯᠲᠡ ᠶᠢᠨ ᠺᠣᠮᠢᠰ ᠵᠡᠷᠭᠡ ᠰᠠᠯᠠᠭ᠎ᠠ ᠮᠥᠴᠢᠷ ᠤᠨ | ᠪᠠᠶᠢᠷᠢᠯᠠᠭᠤᠯᠤᠯᠲᠠ ᠶᠢ ᠦᠨᠳᠦᠰᠦᠯᠡᠨ᠂ ᠱᠠᠨ ᠰᠢ᠂ ᠥᠪᠥᠷ ᠮᠣᠩᠭᠤᠯ᠂ ᠱᠠᠨᠰᠢ ᠲᠡᠷᠡ ᠳᠠᠷᠤᠶ ᠳᠤᠨᠢ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠢᠯᠡᠴᠢᠯᠡᠨ ᠮᠡᠳᠡᠭᠦᠯᠬᠦ ᠤᠲᠠᠰᠤ ᠭᠠᠷᠭᠠᠬᠤ᠂ ᠲᠤᠬᠠᠶ ᠶᠢᠨ | ᠭᠠᠵᠠᠷ ᠲᠤᠨᠢ ᠪᠠᠶᠢᠴᠠᠭᠠᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠬᠠᠷᠢᠶ᠎ᠠ ᠣᠷᠣᠨ ᠤ ᠪᠠᠨ ᠨᠡᠭᠦᠷᠡᠰᠦ | ᠬᠠᠳᠠᠭᠠᠯᠠᠬᠤ ᠭᠠᠵᠠᠷ ᠢ ᠪᠥᠬᠦ ᠲᠠᠯ᠎ᠠ ᠪᠠᠷ ᠪᠠᠶᠢᠴᠠᠭᠠᠨ ᠴᠡᠭᠴᠡᠯᠡᠵᠦ ᠪᠠᠶᠢᠨ᠎ᠠ᠃ ᠵᠦᠪᠰᠢᠶᠡᠷᠡᠯ ᠥᠭᠡᠢ ᠪᠠᠷ ᠭᠠᠵᠠᠷ | ᠬᠡᠷᠡᠭᠯᠡᠬᠦ᠂ ᠣᠷᠴᠢᠨ ᠲᠣᠭᠤᠷᠢᠨ ᠢ ᠪᠣᠬᠢᠷᠲᠤᠭᠤᠯᠬᠤ᠂ ᠠᠶᠦᠯᠬᠦᠢ ᠶᠢᠨ ᠪᠢᠴᠢᠭ ᠪᠠᠷᠢᠮᠳᠠ ᠥᠭᠡᠢ ᠨᠡᠭᠦᠷᠡᠰᠦ | ᠬᠠᠳᠠᠭᠠᠯᠠᠬᠤ ᠲᠠᠯᠠᠪᠤᠷ ᠢ ᠡᠷᠡᠰ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠨᠡᠭᠦᠷᠡᠰᠦ ᠳᠠᠷᠤᠵᠤ ᠬᠤᠨᠵᠢᠨ | ᠵᠠᠪᠰᠢᠬᠤ᠂ ᠦᠨ᠎ᠡ ᠶᠢ ᠨᠢ ᠥᠰᠬᠡᠬᠦ ᠵᠡᠷᠭᠡ ᠬᠠᠤᠯᠢ ᠪᠤᠰᠤ ᠪᠠᠷ ᠠᠰᠢᠭ ᠤᠯᠬᠤ ᠥᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠨᠡᠭᠦᠷᠡᠰᠦᠨ ᠤ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠨᠡᠨ ᠬᠦ | ᠬᠠᠮᠠᠭᠠᠯᠠᠵᠦ ᠪᠠᠶᠢᠨ᠎ᠠ᠃ | |