ᠬᠦᠷᠢᠶᠠᠲᠤᠨᠠᠭᠤᠷ ᠰᠤᠮᠤ  ᠮᠠᠯᠴᠢᠳ ᠲᠤ ᠬᠢᠮᠳᠠ ᠦᠨ᠎ᠡ ᠶᠢᠨ ᠨᠡᠭᠦᠷᠡᠰᠦ ᠶᠢ ᠡᠮᠬᠢ ᠵᠢᠷᠤᠮ ᠲᠠᠢ ᠣᠯᠭᠤᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠲᠦᠭ ᠲᠦᠮᠡᠨ ᠠᠶᠢᠯ ᠡᠷᠦᠬᠡ  ᠶᠢ ᠳᠤᠯᠠᠭᠠᠨ ᠡᠪᠦᠯᠵᠢᠭᠦᠯᠪᠡ
ᠨᠡᠶᠢᠲᠡᠯᠡᠭᠰᠡᠨ ᠴᠠᠭ᠄
2021/11/17
      ᠮᠠᠯᠴᠢᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢ ᠪᠦᠬᠦ ᠬᠦᠴᠦᠨ ᠢᠶᠠᠷ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 10 ᠤ ᠡᠳᠦᠷ ᠠᠴᠠ ᠡᠬᠢᠯᠡᠨ ᠬᠦᠷᠢᠶᠡᠲᠦᠨᠠᠭᠤᠷ ᠰᠤᠮᠤ ᠪᠦᠬᠦ ᠲᠠᠯ᠎ᠠ ᠪᠠᠷ ᠪᠦᠷᠬᠦᠭᠦᠯᠬᠦ᠂ ᠬᠡᠷᠡᠭᠴᠡᠭᠡ ᠪᠠᠷ ᠬᠤᠪᠢᠶᠠᠷᠢᠯᠠᠬᠤ᠂ ᠲᠥᠪᠯᠡᠷᠡᠭᠦᠯᠦᠨ ᠲᠤᠬᠢᠷᠠᠭᠤᠯᠤᠨ ᠬᠦᠷᠭᠡᠬᠦ ᠵᠠᠷᠴᠢᠮ ᠶᠣᠰᠣᠭᠠᠷ᠂  ᠬᠢᠮᠳᠠ ᠦᠨ᠎ᠡ ᠶᠢᠨ ᠨᠡᠭᠦᠷᠡᠰᠦ ᠵᠠᠬᠢᠶᠠᠯᠠᠨ ᠬᠤᠳᠠᠯᠳᠤᠨ ᠠᠪᠴᠤ ᠲᠠᠷᠬᠠᠭᠠᠬᠤ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠪᠦᠬᠦ ᠰᠤᠮᠤᠨ ᠤ ᠮᠠᠯᠵᠢᠬᠤ ᠡᠷᠦᠬᠡ ᠶᠢᠨ ᠳᠤᠯᠠᠭᠠᠨ ᠪᠦᠯᠢᠶᠡᠨ ᠡᠪᠦᠯᠵᠢᠬᠦ ᠶᠢ ᠪᠦᠬᠦ ᠬᠦᠴᠦᠨ ᠢᠶᠠᠷ  ᠢᠶᠠᠨ ᠰᠠᠬᠢᠨ  ᠬᠠᠮᠠᠭᠠᠯᠠᠵᠠᠢ᠃      ᠡᠪᠦᠯ ᠤᠨ ᠤᠯᠠᠷᠢᠯ ᠤᠨ ᠳᠤᠯᠠᠭᠠᠯᠠᠭ᠎ᠠ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠡᠨᠡᠬᠦ 《 ᠬᠠᠯᠠᠭᠤᠨ ᠳᠤᠯᠠᠭᠠᠨ 》 ᠤ ᠲᠣᠬᠢᠷᠠᠭᠤᠯᠤᠯᠲᠠ ᠶᠢ ᠦᠨᠡᠨ ᠬᠦ ᠪᠠᠲᠤᠯᠠᠬᠤ ᠶᠢᠨ ᠲᠥᠯᠥᠭᠡ᠂ ᠰᠤᠮᠤ  ᠲᠤᠰᠬᠠᠢ  ᠠᠵᠢᠯ ᠤᠨ ᠳᠤᠭᠤᠶᠢᠯᠠᠩ ᠪᠠᠶᠢᠭᠤᠯᠵᠤ᠂  ᠨᠡᠭᠦᠷᠡᠰᠦ ᠶᠢ ᠲᠣᠬᠢᠷᠠᠭᠤᠯᠤᠨ ᠬᠦᠷᠭᠡᠬᠦ᠂ ᠵᠠᠬᠢᠶᠠᠯᠠᠨ ᠬᠤᠳᠠᠯᠳᠤᠨ ᠠᠪᠬᠤ ᠳᠡᠩᠰᠡᠯᠡᠯᠲᠡ ᠪᠠ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠪᠥᠬᠦ ᠶᠠᠪᠤᠴᠠ ᠪᠠᠷ ᠬᠠᠷᠢᠭᠤᠴᠠᠵᠤ᠂ ᠮᠠᠯᠴᠢᠳ  ᠤᠨ ᠡᠪᠦᠯ ᠤᠨ ᠤᠯᠠᠷᠢᠯ ᠤᠨ ᠳᠤᠯᠠᠭᠠᠯᠠᠯᠭ᠎ᠠ ᠳᠤ ᠡᠷᠦᠬᠡ ᠪᠦᠷᠢ ᠳᠤ 2 ᠲᠣᠨ ᠠᠴᠠ ᠳᠣᠤᠷ᠎ᠠ ᠥᠬᠡᠶ  ᠬᠢᠮᠳᠠ ᠦᠨ᠎ᠡ ᠶᠢᠨ ᠨᠡᠭᠦᠷᠡᠰᠦ ᠬᠠᠩᠭᠠᠨ᠎ᠠ  ᠃ ᠲᠡᠷᠡᠴᠢᠯᠡᠨ ᠬᠦᠷᠢᠶᠡᠲᠦᠨᠠᠭᠤᠷ ᠰᠤᠮᠤᠨ ᠤ ᠪᠠᠶᠢᠭ᠎ᠠ ᠭᠠᠵᠠᠷ ᠴᠢᠨᠳᠠᠮᠤᠨᠢ ᠨᠡᠶᠢᠭᠡᠮ ᠲᠣᠭᠤᠷᠢᠭ ᠵᠢᠴᠢ  ᠳᠥᠷᠪᠡᠯᠵᠢ ᠰᠠᠭᠤᠭᠠᠯᠢ ᠠᠷᠠᠳ ᠤᠨ ᠳᠤᠭᠤᠶᠢᠯᠠᠩ ( ᠤᠤᠯ ᠤᠨ ᠣᠩᠭᠤᠨ ᠰᠤᠮᠤ ᠶᠢᠨ ᠪᠠᠶᠢᠭ᠎ᠠ ᠭᠠᠵᠠᠷ ) ᠲᠤ ᠲᠣᠰ ᠲᠣᠰ  ᠬᠢᠮᠳᠠ ᠦᠨ᠎ᠡ ᠶᠢᠨ ᠨᠡᠭᠦᠷᠡᠰᠦ ᠲᠠᠷᠬᠠᠭᠠᠬᠤ ᠴᠡᠭ ( ᠲᠣᠨ ᠪᠦᠷᠢ ᠶᠢᠨ ᠨᠡᠭᠦᠷᠡᠰᠦᠨ ᠤ ᠦᠨ᠎ᠡ ᠨᠢ ᠲᠣᠰ ᠲᠣᠰ 235᠂ 220 ᠲᠥᠭᠦᠷᠢᠭ ) ᠭᠠᠷᠭᠠᠵᠤ᠂ ᠮᠠᠯᠴᠢᠳ ᠤᠨ ᠣᠶᠢᠷ᠎ᠠ ᠬᠠᠪᠢ  ᠠᠴᠠ ᠨᠡᠭᠦᠷᠡᠰᠦ  ᠲᠡᠭᠡᠭᠡᠬᠦ ᠳᠤ ᠲᠥᠬᠦᠮ ᠦᠵᠡᠭᠦᠯᠪᠡ  ᠃      ᠲᠤᠬᠠᠶ ᠶᠢᠨ ᠲᠠᠯᠠᠪᠠᠶ ᠳᠤ᠂ ᠮᠠᠯᠴᠢᠨ ᠲᠦᠮᠡᠨ ᠡᠮᠬᠢ ᠵᠢᠷᠤᠮ ᠲᠠᠢ ᠪᠠᠷ ᠮᠥᠷᠯᠡᠨ  ᠲᠠᠩᠰᠠᠯᠠᠭᠤᠯᠵᠤ᠂  ᠬᠢᠮᠳᠠ ᠦᠨ᠎ᠡ ᠶᠢᠨ ᠨᠡᠭᠦᠷᠡᠰᠦ ᠬᠤᠳᠠᠯᠳᠤᠨ ᠠᠪᠴᠤ᠂ ᠤᠬᠤᠭᠤᠷ ᠮᠠᠰᠢᠨ ᠨᠠᠰᠢ ᠴᠠᠰᠢ ᠰᠦᠯᠵᠢᠯᠳᠦᠭᠦᠯᠦᠨ ᠨᠡᠭᠦᠷᠡᠰᠦ  ᠲᠡᠭᠡᠭᠡᠵᠦ᠂ ᠨᠢᠭᠡ ᠨᠢᠭᠡ ᠲᠡᠷᠭᠡ ᠬᠠᠶᠢᠷ᠎ᠠ ᠬᠠᠯᠠᠮᠵᠢ ᠪᠢᠯᠬᠠᠭᠰᠠᠨ ᠬᠢᠮᠳᠠ ᠦᠨ᠎ᠡ ᠶᠢᠨ ᠨᠡᠭᠦᠷᠡᠰᠦ ᠶᠢ ᠬᠡᠷᠡᠭᠴᠡᠭᠡ ᠱᠠᠭᠠᠷᠳᠠᠯᠭ᠎ᠠ ᠲᠠᠢ ᠮᠠᠯᠴᠢᠳ ᠤᠨ ᠭᠡᠷ ᠲᠤ ᠬᠦᠷᠭᠡᠪᠡ᠃ ᠪᠥᠬᠦ ᠰᠤᠮᠤ ᠳᠤ ᠨᠡᠶᠢᠲᠡ 656 ᠡᠷᠦᠬᠡ ᠮᠠᠯᠴᠢᠳ ᠬᠢᠮᠳᠠ ᠦᠨ᠎ᠡ ᠶᠢᠨ ᠨᠡᠭᠦᠷᠡᠰᠦ ᠵᠠᠬᠢᠶᠠᠯᠠᠵᠤ᠂ ᠣᠳᠣᠬᠠᠨ ᠳᠤ ᠨᠢᠭᠡᠨᠲᠡ 436 ᠡᠷᠦᠬᠡ  ᠳᠤ ᠬᠦᠷᠭᠡᠵᠦ᠂ ᠪᠤᠰᠤᠳ ᠬᠢᠮᠳᠠ ᠦᠨ᠎ᠡ ᠶᠢᠨ  ᠨᠡᠭᠦᠷᠡᠰᠦ ᠶᠢ ᠶᠠᠭ ᠡᠮᠬᠢ ᠵᠢᠷᠤᠮ ᠲᠠᠢ ᠪᠠᠷ  ᠲᠠᠷᠬᠠᠭᠠᠵᠤ  ᠪᠠᠶᠢᠨ᠎ᠠ  ᠃      ᠬᠢᠮᠳᠠ ᠦᠨ᠎ᠡ ᠶᠢᠨ ᠨᠡᠭᠦᠷᠡᠰᠦ ᠲᠠᠷᠬᠠᠭᠠᠬᠤ ᠠᠵᠢᠯ ᠤᠨ ᠳᠤᠮᠳᠠ᠂ ᠥᠪᠥᠷ ᠮᠣᠩᠭᠤᠯ ᠤᠨ ᠢᠦ᠋ᠶ ᠲᠦᠩ ᠠᠵᠤ ᠦᠶᠯᠡᠰ ᠤᠨ ᠬᠢᠵᠠᠭᠠᠷᠲᠤ ᠺᠣᠮᠫᠠᠨᠢ ᠶᠢᠨ ᠦᠨᠢᠲᠦ ᠨᠡᠭᠦᠷᠡᠰᠦᠨ ᠠᠭᠤᠷᠬᠠᠶ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠵᠦ᠂ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠬᠦᠴᠦᠨ ᠢᠶᠠᠨ ᠲᠥᠪᠯᠡᠷᠡᠭᠦᠯᠦᠨ ᠮᠠᠯᠴᠢᠨ ᠲᠦᠮᠡᠨ ᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠪᠠ  ᠃ ᠡᠭᠦᠨ ᠤ ᠲᠤᠯᠠᠳᠠ ᠬᠦᠷᠢᠶᠡᠲᠦᠨᠠᠭᠤᠷ  ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ  ᠰᠤᠮᠤᠨ ᠤ ᠮᠠᠯᠴᠢᠨ ᠲᠦᠮᠡᠨ ᠢ ᠲᠥᠯᠥᠭᠡᠯᠡᠨ ᠲᠡᠳᠡᠨ ᠳᠤ ᠬᠡᠮᠡᠷᠯᠢᠭ ᠲᠤᠭ ᠬᠦᠷᠭᠡᠵᠦ᠂ ᠠᠵᠤ ᠠᠬᠤᠶᠢᠯᠠᠯ ᠤᠨ 《ᠳᠠᠭᠠᠷᠠᠭᠰᠠᠨ ᠬᠥᠮᠦᠨ ᠳᠤ ᠳᠠᠬᠤ ᠬᠦᠷᠭᠡᠵᠦ》᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠳᠤ  ᠲᠠᠯᠠᠷᠬᠠᠬᠤ ᠰᠡᠳᠬᠢᠯ ᠢᠶᠠᠨ ᠢᠯᠡᠳᠬᠡᠭᠰᠡᠨ  ᠪᠠᠶᠢᠨ᠎ᠠ  ᠃      ᠲᠣᠰ ᠤᠳᠠᠭᠠᠨ ᠤ ᠬᠢᠮᠳᠠ ᠦᠨ᠎ᠡ ᠶᠢᠨ ᠨᠡᠭᠦᠷᠡᠰᠦ ᠶᠢ ᠲᠠᠷᠬᠠᠭᠠᠬᠤ ᠠᠵᠢᠯᠯᠠᠭ᠎ᠠ ᠨᠢ ᠠᠮᠢᠳᠤᠷᠠᠯ ᠤᠨ ᠵᠢᠵᠢᠭ ᠰᠠᠵᠢᠭ ᠵᠦᠶᠯ ᠠᠴᠠ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ ᠣᠯᠠᠨ ᠲᠦᠮᠡᠨ ᠤ ᠬᠠᠯᠠᠭᠤᠨ ᠳᠤᠯᠠᠭᠠᠨ ᠡᠪᠦᠯ ᠢ ᠥᠩᠭᠡᠷᠡᠭᠦᠯᠬᠦ ᠶᠢ ᠰᠡᠳᠬᠢᠯ ᠳᠡᠭᠡᠨ ᠪᠤᠳᠤᠵᠤ᠂ ᠣᠯᠠᠨ ᠲᠦᠮᠡᠨ ᠳᠤ ᠬᠠᠯᠠᠭᠤᠨ ᠳᠤᠯᠠᠭᠠᠨ‌‍ᠬᠢᠮᠳᠠ ᠦᠨ᠎ᠡ ᠶᠢᠨ ᠨᠡᠭᠦᠷᠡᠰᠦ ᠶᠢ ᠣᠯᠭᠤᠵᠤ᠂ ᠣᠯᠠᠨ ᠲᠦᠮᠡᠨ ᠤ 《 ᠪᠠᠴᠢᠮ ᠲᠤᠯᠭᠠᠮ᠂ ᠬᠦᠴᠢᠷ ᠵᠣᠪᠠᠭᠤᠷᠢ ᠲᠠᠢ᠂  ᠬᠦᠰᠡᠵᠦ ᠡᠷᠡᠮᠡᠯᠵᠡᠯᠡᠭᠰᠡᠨ 》ᠠᠰᠠᠭᠤᠳᠠᠯ ᠢ ᠬᠦᠴᠦ ᠳᠡᠯᠪᠢᠨ ᠰᠢᠶᠳᠪᠦᠷᠢᠯᠡᠵᠦ᠂ ᠨᠠᠮ ᠤᠨ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠰᠡᠳᠬᠢᠯ ᠳᠤ ᠬᠦᠷᠭᠡᠵᠦ᠂ ᠠᠷᠠᠳ ᠤᠨ ᠪᠡᠶ᠎ᠡ ᠮᠠᠬᠠᠪᠣᠳ ᠢ ᠳᠤᠯᠠᠭᠠᠴᠠᠭᠤᠯᠤᠭᠰᠠᠨ ᠮᠥᠷᠲᠡᠭᠡᠨ ᠪᠠᠰᠠ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠮᠠᠯᠴᠢᠨ ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠬᠦᠴᠦᠷᠬᠡᠭ ᠶᠡᠭᠡ ᠢᠲᠡᠭᠡᠯ ᠢ ᠨᠡᠮᠡᠭᠳᠡᠭᠦᠯᠪᠡ  ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号