ᠭᠠᠬᠢᠯ ᠰᠤᠮᠤ ᠮᠠᠯᠴᠢᠨ ᠲᠦᠮᠡᠨ ᠳᠤ ᠬᠢᠮᠳᠠ ᠦᠨ᠎ᠡ ᠶᠢᠨ ᠳᠤᠯᠠᠭᠠᠯᠠᠭ᠎ᠠ  ᠶᠢᠨ ᠨᠡᠭᠦᠷᠡᠰᠦ ᠳᠦᠭᠡᠭᠡᠨ ᠦᠭᠴᠦ᠂ ︽ᠨᠡᠭᠦᠷᠡᠰᠦ ᠰᠢᠲᠠᠭᠠᠬᠤ ᠪᠠᠴᠢᠮ︾ ᠠᠰᠠᠭᠤᠳᠠᠯ ᠢ ᠰᠢᠢᠳᠪᠦᠷᠢᠯᠡᠨ᠂  ᠬᠠᠬᠢᠷ ᠡᠪᠦᠯ ᠢ  ︽  ᠳᠤᠯᠠᠭᠠᠨ  ᠪᠦᠯᠢᠶᠡᠨ ︾  ᠥᠩᠭᠡᠷᠡᠭᠦᠯᠬᠦ ᠳᠤ  ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/11/19
      ᠬᠠᠬᠢᠷ ᠡᠪᠦᠯ ᠬᠦᠷᠴᠦ ᠢᠷᠡᠬᠦ ᠪᠠᠷ᠂ ᠠᠭᠠᠷ ᠤᠨ ᠳᠤᠯᠠᠭᠠᠨ ᠠᠭᠠᠵᠢᠮ ᠢᠶᠠᠷ ᠪᠠᠭᠤᠷᠠᠵᠤ᠂ ᠬᠦᠢᠳᠡᠨ ᠠᠭᠤᠷ ᠠᠮᠢᠰᠬᠤᠯ ᠬᠦᠷᠴᠦ ᠢᠷᠡᠯ᠎ᠡ᠃ 2021 ᠣᠨ ᠤ ᠡᠪᠦᠯ ᠡᠬᠢᠯᠡᠭᠰᠡᠨ ᠠᠴᠠ ᠨᠠᠭᠠᠰᠢ᠂ ᠨᠡᠭᠦᠷᠡᠰᠦᠨ ᠤ ᠦᠨ᠎ᠡ ᠬᠠᠩᠰᠢ ᠶᠡᠬᠡᠪᠡᠷ ᠥᠰᠴᠦ᠂ ᠬᠠᠷᠢᠶ᠎ᠠ ᠣᠷᠣᠨ ᠤ ᠮᠠᠯᠴᠢᠨ ᠲᠦᠮᠡᠨ ᠢᠶᠠᠨ ᠡᠪᠦᠯ ᠤᠨ ᠤᠯᠠᠷᠢᠯ ᠢ ᠳᠤᠯᠠᠭᠠᠨ ᠪᠦᠯᠢᠶᠡᠨ ᠥᠩᠭᠡᠷᠡᠭᠦᠯᠬᠦ ᠶᠢᠨ ᠲᠥᠯᠥᠭᠡ᠂ ᠭᠠᠬᠢᠯ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠨᠡᠨ ᠬᠦ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠷᠢᠶ᠎ᠠ ᠣᠷᠣᠨ ᠤ ᠮᠠᠯᠴᠢᠳ ᠰᠢᠲᠠᠭᠠᠬᠤ ᠨᠡᠭᠦᠷᠡᠰᠦ ᠲᠠᠢ᠂ ᠬᠤᠳᠠᠯᠳᠤᠨ ᠠᠪᠴᠤ ᠳᠡᠶᠢᠯᠬᠦ᠂ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠪᠠ᠃ ᠣᠳᠣᠬᠠᠨ ᠳᠤ᠂ ᠭᠠᠬᠢᠯ ᠰᠤᠮᠤᠨ ᠤ ᠬᠠᠷᠢᠶᠠᠨ ᠳᠤ ᠨᠡᠭᠦᠷᠡᠰᠦ ᠰᠢᠲᠠᠭᠠᠬᠤ ᠱᠠᠭᠠᠷᠳᠠᠯᠭ᠎ᠠ ᠲᠠᠢ 80 ᠭᠠᠷᠤᠢ ᠮᠠᠯᠵᠢᠬᠤ ᠡᠷᠦᠬᠡ ᠨᠢᠭᠡᠨᠲᠡ ᠵᠠᠯᠭᠠᠭ᠎ᠠ ᠪᠠᠷ ᠨᠡᠭᠦᠷᠡᠰᠦ ᠪᠠᠨ ᠬᠤᠳᠠᠯᠳᠤᠨ ᠠᠪᠴᠤ ᠬᠡᠷ ᠲᠡᠭᠡᠨ ᠬᠠᠷᠢᠭᠰᠠᠨ ᠪᠦᠭᠡᠳ ᠬᠢᠮᠳᠠ ᠦᠨ᠎ᠡ ᠶᠢᠨ ᠨᠡᠭᠦᠷᠡᠰᠦ ᠲᠠᠷᠬᠠᠭᠠᠬᠤ ᠠᠵᠢᠯ ᠮᠥᠨᠬᠦ ᠦᠷᠭᠦᠯᠵᠢᠯᠡᠨ ᠶᠠᠪᠤᠭᠳᠠᠵᠤ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠨᠡᠭᠦᠷᠡᠰᠦ ᠬᠤᠳᠠᠯᠳᠤᠨ ᠠᠪᠬᠤ ᠬᠦᠰᠡᠯ ᠱᠠᠭᠠᠷᠳᠠᠯᠭ᠎ᠠ ᠲᠠᠢ 260 ᠭᠠᠷᠤᠢ ᠮᠠᠯᠵᠢᠬᠤ ᠡᠷᠦᠬᠡ ᠪᠦᠬᠦᠨ ᠨᠡᠭᠦᠷᠡᠰᠦ ᠬᠤᠳᠠᠯᠳᠤᠨ ᠠᠪᠴᠤ᠂ ᠳᠤᠯᠠᠭᠠᠨ ᠡᠪᠦᠯᠵᠢᠬᠦ ᠶᠢ ᠪᠠᠲᠤᠯᠠᠬᠤ ᠪᠣᠯᠤᠨ᠎ᠠ᠃      ᠭᠠᠬᠢᠯ ᠰᠤᠮᠤ ᠮᠠᠯᠴᠢᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠬᠠᠩᠭᠠᠯᠭ᠎ᠠ  ᠶᠢ ᠪᠠᠲᠤᠯᠠᠬᠤ ᠠᠵᠢᠯ ᠢ ᠨᠢᠳᠦᠨ ᠡᠮᠦᠨᠡᠬᠢ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ ᠂ ᠪᠦᠬᠦ ᠲᠠᠯ᠎ᠠ ᠪᠠᠷ ᠪᠦᠷᠬᠦᠭᠦᠯᠬᠦ᠂ ᠬᠡᠷᠡᠭᠴᠡᠭᠡ ᠪᠠᠷ ᠬᠤᠪᠢᠶᠠᠷᠢᠯᠠᠬᠤ᠂ ᠲᠥᠪᠯᠡᠷᠡᠭᠦᠯᠦᠨ ᠲᠤᠬᠢᠷᠠᠭᠤᠯᠤᠨ ᠬᠦᠷᠭᠡᠬᠦ ᠵᠠᠷᠴᠢᠮ  ᠢ ᠬᠡᠷᠡᠭᠵᠢᠭᠦᠯᠦᠨ᠂ ᠨᠡᠭᠦᠷᠡᠰᠦ ᠬᠤᠳᠠᠯᠳᠤᠨ ᠠᠪᠬᠤ ᠭᠤᠣᠯ ᠴᠣᠭᠴᠠ ᠶᠢ  ᠰᠤᠮᠤᠨ ᠤ ᠬᠠᠷᠢᠶ᠎ᠠ ᠳᠠᠬᠢ ᠨᠡᠭᠦᠷᠡᠰᠦ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠮᠠᠯᠴᠢᠳ ᠲᠤ ᠪᠦᠷᠬᠦᠭᠦᠯᠦᠨ᠂ ᠮᠠᠨ ᠤ ᠰᠤᠮᠤᠨ ᠤ ᠮᠠᠯᠴᠢᠳ  ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠦᠷᠢᠳᠬᠡᠯ ᠤᠨ ᠪᠠᠶᠢᠳᠠᠯ ᠢ ᠦᠨᠳᠦᠰᠦᠯᠡᠨ᠂ ᠲᠤᠰᠬᠠᠶ ᠬᠥᠮᠦᠨ ᠲᠣᠮᠢᠯᠠᠨ ᠬᠤᠰᠢᠭᠤᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠠᠵᠢᠯᠲᠠᠳ ᠲᠠᠢ ᠬᠠᠷᠢᠯᠴᠠᠵᠦ᠂ ᠮᠠᠯᠴᠢᠳ ᠤᠨ ᠨᠡᠭᠦᠷᠡᠰᠦ ᠰᠢᠲᠠᠭᠠᠬᠤ ᠪᠠᠲᠤᠯᠠᠭ᠎ᠠ ᠶᠢᠨ ᠬᠤᠳᠠᠯᠳᠤᠨ ᠠᠪᠬᠤ ᠪᠠᠯᠠ ᠮᠥᠩᠭᠦ ᠪᠠ ᠲᠡᠭᠡᠭᠡᠪᠦᠷᠢ ᠶᠢᠨ ᠲᠡᠷᠭᠡ ᠬᠥᠰᠬᠡ ᠶᠢ ᠨᠠᠶᠢᠳᠠᠪᠤᠷᠢᠵᠢᠭᠤᠯᠵᠤ᠂ ᠮᠠᠯᠴᠢᠨ ᠲᠦᠮᠡᠨ ᠤ ᠨᠡᠭᠦᠷᠡᠰᠦ ᠲᠡᠭᠡᠭᠡᠪᠦᠷᠢᠯᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠢᠦ᠋ᠶ ᠲᠦᠩ ᠠᠵᠤ ᠦᠶᠯᠡᠰ ᠤᠨ ᠬᠢᠵᠠᠭᠠᠷᠲᠤ ᠺᠣᠮᠫᠠᠨᠢ ᠶᠢᠨ ᠥᠩᠲᠤ ᠨᠡᠭᠦᠷᠡᠰᠦᠨ ᠠᠭᠤᠷᠬᠠᠶ ᠲᠠᠢ ᠨᠡᠭᠦᠷᠡᠰᠦ ᠬᠤᠳᠠᠯᠳᠤᠨ ᠠᠪᠬᠤ ᠭᠡᠷ᠎ᠡ ᠲᠣᠭᠲᠠᠭᠰᠠᠨ ᠤ ᠳᠠᠷᠠᠭ᠎ᠠ ᠂ ᠨᠡᠭᠦᠷᠡᠰᠦ ᠶᠢ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠪᠠᠶᠢᠭ᠎ᠠ ᠭᠠᠵᠠᠷ ᠲᠤ ᠲᠡᠭᠡᠭᠡᠪᠦᠷᠢᠯᠡᠨ ᠬᠦᠷᠭᠡᠵᠦ ᠲᠥᠪᠯᠡᠷᠡᠭᠦᠯᠦᠨ ᠬᠠᠳᠠᠭᠠᠯᠠᠵᠤ᠂ ᠲᠣᠨ ᠪᠦᠷᠢ ᠳᠡᠭᠡᠨ 210 ᠲᠥᠭᠦᠷᠢᠭ ᠤᠨ ᠨᠢᠭᠡᠴᠢ ᠦᠨ᠎ᠡ ᠪᠠᠷ ᠲᠠᠷᠬᠠᠭᠠᠨ᠂ ᠮᠠᠯᠴᠢᠳ ᠥᠪᠡᠰᠦᠪᠡᠨ ᠲᠥᠪᠯᠡᠷᠡᠭᠦᠯᠦᠨ ᠬᠠᠳᠠᠭᠠᠯᠠᠬᠤ ᠭᠠᠵᠠᠷ ᠠᠴᠠ ᠨᠡᠭᠦᠷᠡᠰᠦ  ᠪᠠᠨ ᠲᠡᠭᠡᠭᠡᠪᠦᠷᠢᠯᠡᠨ᠎ᠡ      ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠨ ᠪᠣᠳᠠᠲᠤ ᠶᠠᠪᠤᠳᠠᠯ ᠬᠢᠵᠦ᠂ ᠨᠠᠷᠢᠨ ᠵᠦᠢᠯᠡᠰ ᠠᠴᠠ ᠦᠨᠡᠨ ᠰᠡᠳᠬᠢᠯᠭᠡ ᠶᠢ ᠣᠯᠵᠤ ᠬᠠᠷᠠᠨ᠎ᠠ᠃ ᠳᠤᠯᠠᠭᠠᠯᠠᠭ᠎ᠠ ᠶᠢᠨ ᠨᠡᠭᠦᠷᠡᠰᠦ ᠬᠦᠷᠭᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠯᠴᠢᠨ ᠲᠦᠮᠡᠨ ᠳᠤ ᠬᠠᠶᠢᠷ᠎ᠠ ᠬᠠᠯᠠᠮᠵᠢ ᠬᠦᠷᠭᠡᠭᠰᠡᠨ ᠢᠶᠠᠷ ᠪᠠᠷᠠᠬᠤ ᠥᠬᠡᠶ᠂ ᠨᠠᠩ ᠴᠤ ᠠᠷᠠᠳ  ᠤᠨ ᠠᠮᠢᠳᠤᠷᠠᠯ ᠢ ᠬᠠᠯᠠᠮᠵᠢᠯᠠᠬᠤ ᠶᠢ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠢᠨᠵᠧᠨᠧᠷᠢᠩ ᠪᠣᠯᠭᠠᠵᠤ ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠶᠯᠡᠴᠢᠯᠡᠬᠦ ᠵᠣᠷᠢᠯᠲᠠ ᠶᠢ ᠦᠶᠯᠡᠳᠦᠯᠭᠡᠵᠢᠭᠦᠯᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠠᠷᠠᠳ ᠣᠯᠠᠨ ᠤ ᠰᠡᠳᠬᠢᠯ ᠳᠤ   ᠬᠦᠷᠭᠡᠭᠰᠡᠨ ᠪᠠᠶᠢᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号