ᠭᠠᠬᠢᠯ ᠰᠤᠮᠤ ᠨᠢ 2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠠ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠬᠤᠷᠢᠶᠠᠬᠤ ᠠᠵᠢᠯ ᠢᠶᠠᠨ ᠯᠠᠪᠳᠠᠭᠤᠨ ᠪᠠᠲᠤᠲᠠᠢ ᠦᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2021/11/19
      ᠭᠠᠬᠢᠯ ᠰᠤᠮᠤ ᠨᠢ 9 ᠰᠠᠷ᠎ᠠ ᠶᠢᠨ 1 ᠤ ᠡᠳᠦᠷ ᠠᠴᠠ ᠡᠬᠢᠯᠡᠨ 2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠠ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠬᠤᠷᠢᠶᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮᠦᠨᠡᠬᠢ ᠬᠤᠭᠤᠴᠠᠭᠠᠨ ᠤ ᠤᠬᠠᠭᠤᠯᠭ᠎ᠠ ᠶᠢᠨ ᠠᠵᠢᠯ ᠪᠠ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠭᠰᠡᠨ ᠠᠴᠠ ᠣᠲᠣ ᠪᠣᠯᠲᠠᠯ᠎ᠠ᠂ ᠭᠠᠬᠢᠯ ᠰᠤᠮᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ  ᠤᠨ ᠰᠦᠢᠳᠬᠡᠯ ᠬᠤᠷᠢᠶᠠᠬᠤ ᠠᠵᠢᠯ ᠢ ᠶᠠᠭ ᠡᠷᠴᠢᠮᠲᠠᠢ ᠶᠠᠪᠤᠭᠳᠠᠭᠤᠯᠵᠤ ᠪᠠᠶᠢᠨ᠎ᠠ᠃      ︽ᠬᠤᠶᠠᠷ ᠳᠠᠭᠠᠳᠬᠠᠯ︾ ᠤᠨ ᠰᠦᠢᠳᠬᠡᠯ ᠬᠤᠷᠢᠶᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠂ ᠮᠠᠯᠴᠢᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠢ ᠲᠡᠭᠡᠭᠰᠢᠯᠡᠬᠦᠯᠵᠦ᠂ ᠮᠠᠯᠴᠢᠨ ᠲᠦᠮᠡᠨ ᠤ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠳᠤ ᠲᠥᠬᠦᠮ ᠦᠵᠡᠭᠦᠯᠵᠦ᠂ ᠠᠷᠠᠳ ᠲᠥᠮᠡᠨ ᠳᠤ ᠦᠶᠯᠡᠴᠢᠯᠡᠬᠦ ᠠᠰᠢᠭᠯᠠᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠠᠬᠢᠯ ᠰᠤᠮᠤ ᠨᠢ ᠰᠣᠮᠣᠨ ᠤ ᠸᠢᠴᠠᠲ ᠲᠠᠪᠴᠠᠩ᠂ ᠭᠠᠴᠠᠭᠠᠨ ᠤ ᠸᠢᠴᠠᠲ ᠬᠤᠯᠪᠤᠭ᠎ᠠ ᠵᠡᠷᠭᠡ ᠪᠠᠷ ᠳᠠᠮᠵᠢᠭᠤᠯᠤᠨ  ᠂   ︽ᠬᠤᠶᠠᠷ ᠳᠠᠭᠠᠳᠬᠠᠯ︾ ᠢ ᠲᠤᠰᠢᠶᠠᠬᠤ ᠲᠤᠬᠠᠢ ᠠᠭᠤᠯᠭ᠎ᠠ ᠪᠠ ᠠᠰᠢᠭ ᠲᠤᠰᠠ ᠶᠢ ᠲᠠᠶᠢᠯᠪᠤᠷᠢᠯᠠᠵᠤ᠂ ᠤᠬᠠᠭᠤᠯᠭ᠎ᠠ ᠦᠶᠯᠡᠴᠢᠯᠡᠭᠡᠨ ᠤ ᠠᠵᠢᠯ ᠢ ᠰᠠᠶᠢᠲᠤᠷ ᠬᠢᠵᠦ᠂ ︽ᠬᠤᠶᠠᠷ ᠳᠠᠭᠠᠳᠬᠠᠯ︾ ᠳᠤ ᠣᠷᠣᠯᠴᠠᠬᠤ ᠠᠴᠢ ᠬᠤᠯᠪᠣᠭᠳᠠᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠬᠤ ᠬᠦᠴᠦᠯᠡᠴᠡ ᠪᠠᠨ ᠨᠡᠮᠡᠭᠳᠡᠭᠦᠯᠪᠡ᠃ ᠡᠭᠦᠨ ᠤ ᠬᠠᠮᠲᠤ᠂ ᠺᠠᠳ᠋ᠷ ᠠᠵᠢᠯᠲᠠᠨ ᠢ ᠵᠤᠬᠢᠶᠠᠨ ᠪᠠᠶᠢᠭᠤᠯᠤᠨ ᠭᠠᠴᠠᠭᠠᠨ ᠤ ᠮᠠᠯᠴᠢᠳ ᠤᠨ ᠬᠤᠷᠠᠯ᠂ ᠨᠡᠶᠢᠲᠡ ᠶᠢᠨ ᠬᠦᠳᠡᠯᠭᠡᠭᠡᠨ ᠵᠡᠷᠭᠡ ᠠᠵᠠ ᠲᠣᠬᠢᠶᠠᠯ ᠢ ᠭᠦᠶᠴᠡᠳ ᠠᠰᠢᠭᠯᠠᠨ᠂ ︽ᠡᠴᠦᠰ ᠤᠨ ᠨᠢᠭᠡ ᠺᠢᠯᠣᠮᠧᠲᠷ︾ ᠢ ᠭᠦᠶᠴᠡᠳ ᠨᠡᠪᠲᠡᠷᠡᠭᠦᠯᠬᠦ ᠶᠢᠨ ᠬᠠᠮᠲᠤ᠂ ᠮᠠᠯᠴᠢᠨ ᠡᠷᠦᠬᠡ ᠳᠤ ᠬᠦᠷᠴᠦ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠠᠷᠭ᠎ᠠ ᠶᠢ ᠨᠢᠭᠤᠷᠲᠠᠨ ᠵᠢᠭᠠᠵᠤ᠂ ᠮᠠᠯᠴᠢᠳ ᠲᠦᠮᠡᠨ ᠢ ᠤᠬᠠᠮᠰᠠᠷ ᠠᠴᠠ ᠪᠠᠨ ︽ᠬᠤᠶᠠᠷ ᠳᠠᠭᠠᠳᠬᠠᠯ︾ ᠤᠨ ᠰᠦᠢᠳᠭᠡᠯ ᠢ ᠨᠢ ᠴᠠᠭ ᠳᠣᠬᠠᠢ ᠳᠤ ᠨᠢ ᠲᠤᠰᠢᠶᠠᠯᠭᠠᠬᠤ ᠪᠠᠷ   ᠵᠤᠷᠢᠭᠵᠢᠯᠠᠭᠤᠯᠤᠨ ᠵᠢᠯᠣᠭᠤᠳᠪᠠ᠃      ᠣᠳᠣᠬᠠᠨ ᠳᠤ᠂ ᠭᠠᠬᠢᠯ ᠰᠣᠮᠣᠨ ᠤ ᠨᠠᠰᠤᠵᠢᠯ ᠤᠨ ᠳᠠᠭᠠᠳᠬᠠᠯ ᠪᠠ ᠡᠮ ᠡᠮᠨᠡᠯᠭᠡ ᠶᠢᠨ ᠳᠠᠭᠠᠳᠬᠠᠯ ᠤᠨ ᠰᠦᠶᠳᠬᠡᠯ ᠬᠤᠷᠢᠶᠠᠬᠤ ᠠᠵᠢᠯ ᠨᠢ ᠦᠷᠭᠦᠯᠵᠢᠯᠡᠨ ᠶᠠᠪᠤᠭᠳᠠᠵᠤ ᠪᠣᠢ᠃ ᠬᠠᠮᠲᠤ ᠳᠤ ᠨᠢ ᠪᠠᠰᠠ ᠮᠠᠯᠴᠢᠳ ᠲᠦᠮᠡᠨ ᠤ ᠴᠠᠭ  ᠢ ᠵᠠᠪᠳᠤᠨ ︽ᠬᠤᠶᠠᠷ ᠳᠠᠭᠠᠳᠬᠠᠯ︾ ᠤᠨ ᠰᠦᠢᠳᠭᠡᠯ ᠢᠶᠠᠨ ᠢᠳᠡᠪᠬᠢᠲᠡᠶ ᠲᠤᠰᠢᠶᠠᠵᠤ᠂  ᠮᠠᠯᠴᠢᠨ ᠲᠦᠮᠡᠨ  ᠤ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠣᠷᠣᠯᠴᠠᠬᠤ ᠶᠣᠰᠣᠲᠠᠶ ᠶᠢ ᠨᠢ ᠪᠦᠬᠦᠨ ᠢ ᠤᠷᠤᠯᠴᠠᠭᠤᠯᠤᠨ᠂ ᠳᠠᠭᠠᠳᠬᠠᠯ ᠬᠦᠷᠲᠡᠬᠦ ᠶᠣᠰᠣᠲᠠᠶ ᠶᠢ ᠨᠢ ᠪᠦᠬᠦᠨ ᠢ ᠬᠦᠷᠲᠡᠭᠦᠯᠬᠦ ᠶᠢ ᠪᠡᠶᠡᠯᠡᠭᠦᠯᠬᠦ ᠶᠢ ᠣᠷᠢᠶᠠᠯᠠᠨ ᠰᠠᠨᠠᠭᠤᠯᠵᠤ ᠪᠠᠶᠢᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号