ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠢᠳᠡᠪᠬᠢ ᠦᠭᠡᠶᠢᠳᠡᠭᠦᠯᠦᠭᠰᠡᠨ ᠸᠠᠺᠼᠢᠨ ᠤ ᠲᠠᠷᠢᠯᠭ᠎ᠠ ᠶᠢ | ᠲᠠᠷᠢᠭᠰᠠᠨ ᠬᠥᠮᠦᠰ ᠤᠨ ᠲᠠᠷᠬᠠᠯᠠᠭ᠎ᠠ ᠶᠢᠨ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠥᠯᠥᠭᠡ᠂ | 10 ᠰᠠᠷ᠎ᠠ ᠶᠢᠨ 21 ᠤ ᠡᠳᠦᠷ ᠠᠴᠠ ᠡᠬᠢᠯᠡᠨ᠂ ᠮᠠᠨ ᠤ ᠬᠤᠰᠢᠭᠤ ᠰᠢᠨ᠎ᠡ ᠲᠢᠲᠢᠮᠯᠢᠭ ᠸᠢᠷᠦ᠋ᠰ ᠤᠨ ᠢᠳᠡᠪᠬᠢ | ᠦᠭᠡᠶᠢᠳᠡᠭᠦᠯᠦᠭᠰᠡᠨ ᠸᠠᠺᠽᠢᠨ ᠤ ᠭᠤᠷᠪᠠᠳᠠᠬᠢ ᠲᠠᠷᠢᠯᠭ᠎ᠠ ᠲᠠᠷᠢᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠶᠢᠨ | ᠬᠠᠮᠲᠤ ᠨᠢᠭᠡᠳᠦᠭᠡᠷ ᠲᠠᠷᠢᠯᠭ᠎ᠠ ᠪᠠ ᠬᠤᠶᠠᠳᠤᠭᠠᠷ ᠲᠠᠷᠢᠯᠭ᠎ᠠ ᠶᠢᠨ ᠠᠵᠢᠯ ᠢ ᠦᠷᠭᠦᠯᠵᠢᠯᠡᠨ ᠥᠷᠨᠢᠭᠦᠯᠪᠡ᠃ | | ᠬᠤᠰᠢᠭᠤ ᠪᠠᠭᠠᠴᠤᠳ ᠤᠨ ᠬᠥᠳᠡᠯᠭᠡᠭᠡᠨ ᠤ ᠲᠥᠪ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠬᠢᠬᠦ ᠴᠡᠭ ᠲᠤ᠂ ᠲᠠᠷᠢᠯᠭ᠎ᠠ ᠬᠢᠬᠦ ᠪᠠᠷ ᠢᠷᠡᠭᠰᠡᠨ ᠰᠠᠭᠤᠭᠠᠯᠢ ᠠᠷᠠᠳ ᠪᠡᠶ᠎ᠡ ᠶᠢᠨ ᠬᠠᠯᠠᠭᠤᠨ ᠢᠶᠠᠨ | ᠬᠡᠮᠵᠢᠵᠦ᠂ ᠮᠡᠳᠡᠭᠡ ᠵᠠᠩᠭᠢ ᠪᠠᠨ ᠳᠠᠩᠰᠠᠯᠠᠵᠤ᠂ ᠲᠤᠬᠠᠢ ᠶᠢᠨ ᠲᠠᠯᠠᠪᠠᠢ ᠶᠢᠨ ᠠᠵᠢᠯᠲᠠᠳ ᠸᠠᠺᠼᠢᠨ ᠤ ᠲᠠᠷᠢᠯᠭ᠎ᠠ | ᠬᠢᠬᠦ ᠪᠠᠷ ᠢᠷᠡᠭᠰᠡᠨ ᠰᠠᠭᠤᠭᠠᠯᠢ ᠠᠷᠠᠳ ᠲᠤ ᠲᠠᠷᠢᠯᠭ᠎ᠠ ᠬᠢᠬᠦ ᠳᠤ ᠠᠩᠬᠠᠷᠬᠤ ᠵᠦᠢᠯᠡᠰ ᠢ ᠨᠠᠷᠢᠨ ᠬᠢᠨᠠᠮᠠᠭᠠᠶ | ᠲᠠᠨᠢᠯᠴᠠᠭᠤᠯᠵᠤ᠂ ᠲᠠᠷᠢᠯᠭ᠎ᠠ ᠶᠢᠨ ᠪᠥᠬᠦ ᠶᠠᠪᠤᠴᠠ ᠨᠢ ᠡᠮᠬᠢ ᠵᠢᠷᠤᠮ ᠲᠠᠢ᠂ ᠠᠮᠤᠷ ᠲᠦᠪᠰᠢᠨ᠂ ᠥᠨᠳᠥᠷ | ᠪᠦᠲᠦᠮᠵᠢᠲᠡᠶ ᠪᠠᠶᠢᠪᠠ᠃ | | ᠣᠶᠢᠯᠠᠭᠠᠭᠰᠠᠨ ᠢᠶᠠᠷ᠂ ᠰᠢᠨ᠎ᠡ ᠲᠢᠲᠢᠮᠯᠢᠭ ᠸᠢᠷᠦ᠋ᠰ ᠤᠨ ᠢᠳᠡᠪᠬᠢ ᠦᠭᠡᠶᠢᠳᠡᠭᠦᠯᠦᠭᠰᠡᠨ ᠸᠠᠺᠼᠢᠨ ᠤ | ᠭᠤᠷᠪᠠᠳᠠᠬᠢ ᠲᠠᠷᠢᠯᠭ᠎ᠠ ︵ᠴᠢᠩᠭᠠᠳᠬᠠᠬᠤ ᠲᠠᠷᠢᠯᠭ᠎ᠠ︶ ᠶᠢ ᠨᠢᠭᠡ ᠬᠤᠶᠠᠳᠤᠭᠠᠷ ᠲᠠᠷᠢᠯᠭ᠎ᠠ ᠪᠠᠨ ᠨᠢᠭᠡᠨᠳᠡ | ᠳᠠᠷᠢᠭᠤᠯᠤᠭᠠᠳ ᠪᠦᠬᠦ᠋ᠢᠯᠡ 6 ᠰᠠᠷ᠎ᠠ ᠪᠤᠯᠤᠭᠰᠠᠨ18 ᠪᠥᠬᠦᠯᠢ ᠨᠠᠰᠤ ᠪᠤᠯᠤᠨ18 ᠪᠥᠬᠦᠯᠢ ᠨᠠᠰᠤᠨ ᠠᠴᠠ | ᠳᠡᠭᠡᠭᠰᠢᠬᠢ ᠬᠦᠮᠦᠰ ᠲᠠᠷᠢᠵᠤ ᠪᠤᠯᠤᠨ᠎ᠠ᠃ ᠣᠳᠣᠬᠠᠨ ᠪᠣᠯᠲᠠᠯ᠎ᠠ᠂ ᠮᠠᠨ ᠤ ᠬᠤᠰᠢᠭᠤ ᠰᠢᠨ᠎ᠡ ᠲᠢᠲᠢᠮᠯᠢᠭ | ᠸᠢᠷᠦ᠋ᠰ ᠤᠨ ᠢᠳᠡᠪᠬᠢ ᠦᠭᠡᠶᠢᠳᠡᠭᠦᠯᠦᠭᠰᠡᠨ ᠸᠠᠺᠼᠢᠨ ᠤ ᠭᠤᠷᠪᠠᠳᠠᠬᠢ ᠲᠠᠷᠢᠯᠭ᠎ᠠ ᠶᠢ ᠨᠡᠶᠢᠲᠡ 1300 ᠭᠠᠷᠤᠶ | ᠬᠥᠮᠦᠨ ᠳᠤ ᠳᠠᠷᠢᠪᠠ᠃ | | |